ᠬᠥᠯᠥᠨ ᠪᠤᠶᠢᠷ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠤᠶᠤᠨ ᠤ ᠪᠣᠯᠪᠠᠰᠤᠨ ᠤ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠳᠠᠬᠢᠨᠲᠠ ᠠᠬᠢᠭᠤᠯᠪᠠ
ᠨᠡᠶᠢᠲᠡᠯᠡᠭᠰᠡᠨ ᠴᠠᠭ᠄
2021/9/3

      ᠬᠥᠯᠥᠨ ᠪᠤᠶᠢᠷ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ ᠡᠮᠦᠨᠡᠬᠢ ᠬᠤᠭᠤᠴᠠᠭᠠᠨ ᠤ ᠥᠷᠨᠢᠭᠦᠯᠦᠭᠰᠡᠨ ᠤᠶᠤᠨ ᠤ ᠪᠣᠯᠪᠠᠰᠤᠨ ᠤ ᠬᠤᠲᠠ ᠶᠢ ᠡᠭᠦᠳᠦᠨ ᠪᠠᠶᠢᠭᠤᠯᠬᠤ ᠲᠤᠬᠠᠢ ᠠᠷᠠᠳ ᠤᠨ ᠰᠠᠨᠠᠯ ᠤᠨ ᠪᠠᠶᠢᠴᠠᠭᠠᠯᠲᠠ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠳᠤ ᠰᠠᠨᠠᠯ ᠬᠤᠷᠢᠶᠠᠬᠤ ᠪᠠᠷ ᠳᠠᠮᠵᠢᠨ᠂ ᠳᠠᠭᠠᠭᠠᠴᠢᠯᠠᠨ ᠬᠠᠷᠢᠯᠴᠠᠵᠤ ᠬᠠᠮᠲᠤ ᠪᠠᠷ ᠪᠠᠶᠢᠭᠤᠯᠤᠭᠰᠠᠨ ᠯᠣᠤ ᠯᠢᠦᠶ ᠪᠥᠸᠧ ᠰᠠᠭᠤᠭᠠᠯᠢ ᠲᠣᠭᠤᠷᠢᠭ ᠤᠨ ᠭᠡᠷᠡᠯᠲᠦᠭᠦᠯᠭᠡ ᠶᠢᠨ ᠲᠥᠬᠦᠭᠡᠷᠦᠮᠵᠢ ᠭᠦᠢᠴᠡᠳ ᠥᠬᠡᠶ᠂ ᠣᠯᠠᠨ ᠲᠦᠮᠡᠨ ᠤ ᠰᠥᠨᠢ ᠪᠠᠷ ᠭᠠᠳᠠᠭᠰᠢ ᠭᠠᠷᠬᠤ ᠳᠤ ᠲᠦᠢᠯ ᠤᠨ ᠳᠥᠭᠦᠮ ᠦᠭᠡᠢ ᠵᠡᠷᠭᠡ ᠠᠰᠠᠭᠤᠳᠠᠯ ᠢ ᠣᠯᠵᠤ ᠮᠡᠳᠡᠭᠰᠡᠨ ᠪᠠᠶᠢᠨ᠎ᠠ᠃
     ᠤᠶᠤᠨ ᠤ ᠪᠣᠯᠪᠠᠰᠤᠨ ᠤ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠳᠤᠮᠳᠠ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠡᠨᠡ ᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ ᠨᠢ ᠬᠥᠯᠥᠨ ᠪᠤᠶᠢᠷ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠶᠤᠨ ᠤ ᠪᠣᠯᠪᠠᠰᠤᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠤᠢᠢᠷ᠎ᠠ ᠶᠢᠨ ᠬᠤᠭᠤᠴᠠᠭᠠᠨ ᠤ ᠠᠵᠢᠯ ᠤᠨ ᠭᠤᠣᠯᠳᠠᠯᠭ᠎ᠠ ᠪᠣᠯᠵᠠᠢ᠃ ᠣᠶᠢᠷ᠎ᠠ ᠳᠤ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠣᠳᠠᠲᠠᠶ ᠶᠠᠪᠤᠳᠠᠯ ᠬᠢᠬᠦ︾ ᠠᠵᠢᠯᠯᠠᠭ᠎ᠠ ᠪᠠᠷ ᠭᠠᠷᠳᠠᠯ ᠪᠣᠯᠭᠠᠵᠤ᠂ ᠠᠷᠠᠳ ᠤᠨ ᠠᠮᠢᠳᠤᠷᠠᠯ ᠤᠨ ᠡᠨᠡ ᠬᠦ ᠵᠦᠢᠯᠡᠰ ᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠨᠡᠶᠢᠲᠡ 10 ᠨᠡᠷᠡᠨ ᠡᠨᠧᠷᠭᠢ ᠶᠢᠨ ᠵᠠᠮ ᠤᠨ ᠳ᠋ᠧᠩ ᠬᠤᠳᠠᠯᠳᠤᠨ ᠠᠪᠤᠭᠰᠠᠨ ᠪᠥᠭᠡᠳ ᠪᠠᠷᠢᠯᠭ᠎ᠠ ᠶᠢᠨ ᠠᠩᠭᠢ ᠳᠤ ᠨᠠᠶᠢᠳᠠᠵᠤ ᠤᠭᠰᠠᠷᠠᠭᠤᠯᠤᠭᠰᠠᠨ ᠪᠠᠶᠢᠨ᠎ᠠ᠃ ᠣᠳᠣᠬᠠᠨ ᠳᠤ 10 ᠵᠠᠮ ᠤᠨ ᠳ᠋ᠧᠩ ᠢ ᠪᠦᠬᠦᠨ ᠢ ᠠᠮᠤᠷ ᠲᠦᠪᠰᠢᠨ ᠤᠭᠰᠠᠷᠠᠭᠰᠠᠨ ᠪᠥᠭᠡᠳ ᠤᠷᠤᠭᠰᠢᠲᠠᠶ ᠪᠠᠷ ᠴᠠᠬᠢᠯᠭᠠᠨ ᠨᠡᠪᠲᠡᠷᠡᠭᠦᠯᠵᠡᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ