ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠰᠡᠷᠡᠮᠵᠢᠯᠡᠭᠦᠯᠬᠦ ᠬᠥᠮᠦᠵᠢᠯ  ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/3

      ᠯᠢᠨ ᠱᠤᠤ ᠴᠦᠨ ᠬᠤᠷᠠᠯ ᠢ ᠡᠷᠬᠢᠯᠡᠵᠤ  ᠯᠢᠦ ᠴᠢ ᠹᠠᠨ ᠲᠤᠰᠬᠠᠢ ᠰᠡᠳᠦᠪᠲᠦ ᠮᠡᠳᠡᠭᠦᠯᠦᠯᠲᠡ ᠬᠢᠵᠡᠢ   ᠶᠠᠩ ᠽᠦᠩ ᠷᠧᠨ  ᠯᠢ ᠴᠢ ᠯᠢᠨ ᠣᠷᠣᠯᠴᠠᠪᠠ


      8 ᠳ᠋ᠤᠭᠠᠷ ᠰᠠᠷ᠎ᠠ ᠶᠢᠨ 31 ᠤ ᠡᠳᠦᠷ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ

︽7.1︾ ᠤ ᠴᠢᠬᠤᠯᠠ ᠶᠠᠷᠢᠶ᠎ᠠ᠂ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠪᠣᠯᠤᠨ ᠰᠤᠷᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠤᠨ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠰᠡᠷᠭᠡᠶᠢᠯᠡᠬᠦ᠂ ᠬᠤᠷᠢᠭ᠎ᠠ ᠱᠤᠭᠤᠮ ᠢ ᠰᠠᠬᠢᠬᠤ ᠶᠢ ᠬᠦᠳᠦᠯᠦᠨ ᠵᠢᠯᠣᠭᠤᠳᠴᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠥᠷᠨᠢᠭᠦᠯᠬᠦ ᠶᠢ ᠠᠬᠢᠭᠤᠯᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠨᠠᠮ ᠤᠨ ᠰᠤᠷᠲᠠ᠊ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠮᠡᠳᠡᠭᠦᠯᠦᠯᠲᠡ ᠬᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃
      ᠯᠢᠦ ᠴᠢ ᠹᠠᠨ ᠮᠡᠳᠡᠭᠦᠯᠦᠯᠲᠡ ᠳᠤ ᠪᠠᠨ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠠᠷᠬᠠᠭ ᠭᠡᠮ ᠢ ᠰᠢᠢᠳᠪᠦᠷᠢᠯᠡᠵᠦ᠂ ᠤᠯᠤᠰ ᠲᠦᠷᠦ ᠵᠢᠨ‌‍ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠬᠤ ᠳᠤ ᠰᠠᠬᠢᠯᠭ᠎ᠠ ᠪᠠᠲᠤ ᠪᠠᠶᠢᠴᠠᠭᠠᠵᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠮᠥᠷᠳᠡᠨ ᠳᠠᠭᠠᠵᠤ ᠬᠢᠨᠠᠯᠲᠠ ᠲᠠᠯᠪᠢᠬᠤ ᠶᠢ ᠱᠠᠭᠠᠷᠳᠠᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠬᠦ ᠶᠢ ᠨᠡᠩ ᠱᠠᠭᠠᠷᠳᠠᠳᠠᠭ ᠶᠤᠮ᠃ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ︽ᠨᠠᠮ ᠳᠤ ᠪᠠᠨ ᠦᠨᠡᠨᠴᠢ ᠰᠢᠳᠤᠷᠭᠤ ᠪᠠᠶᠢᠬᠤ︾ ᠡᠨᠡ ᠬᠦ ᠦᠨᠳᠦᠰᠦᠨ ᠶᠣᠰᠣ ᠰᠤᠷᠲᠠᠬᠤᠨ᠂ ︽ᠠᠷᠠᠳ ᠲᠦᠮᠡᠨ ᠳᠤ ᠪᠤᠶᠠᠨ ᠦᠢᠯᠡᠳᠬᠦ︾ ᠡᠨᠡ ᠬᠦ ᠬᠠᠮᠤᠭ ᠤᠨ ᠶᠡᠭᠡ ᠨᠡᠶᠢᠲᠡ ᠶᠢᠨ ᠶᠣᠰᠣ ᠰᠤᠷᠲᠠᠬᠤᠨ᠂ ︽ᠪᠡᠶ᠎ᠡ ᠪᠠᠨ ᠴᠢᠩᠭ᠎ᠠ ᠱᠠᠭᠠᠷᠳᠠᠬᠤ︾ ᠡᠨᠡ ᠬᠦ ᠭᠤᠣᠯᠯᠠᠭᠴᠢ ᠶᠣᠰᠣ ᠰᠤᠷᠲᠠᠬᠤᠨ ᠢ ᠪᠠᠲᠤ ᠰᠠᠬᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢᠨ ᠡᠩᠨᠡᠭᠡ ᠶᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠬᠥᠮᠦᠨ ᠢ ᠰᠣᠩᠭᠤᠬᠤ᠂ ᠬᠥᠮᠦᠨ ᠢ ᠬᠡᠷᠡᠭᠯᠡᠬᠦ᠂ ᠬᠥᠮᠦᠨ ᠢ ᠬᠠᠮᠢᠶᠠᠷᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠪᠣᠭᠤᠮᠲᠠ ᠬᠤᠷᠢᠭ᠎ᠠ ᠶᠢ ᠴᠢᠩᠭ᠎ᠠ ᠰᠠᠬᠢᠵᠤ᠂ ᠪᠣᠯᠪᠠᠰᠤᠷᠠᠯ ᠤᠨ ᠲᠠᠯ᠎ᠠ ᠪᠠᠷ ᠪᠦᠬᠦᠨ ᠢ ᠬᠠᠮᠤᠷᠤᠭᠤᠯᠵᠤ᠂ ᠬᠥᠮᠥᠵᠢᠯ ᠤᠨ ᠲᠠᠯ᠎ᠠ ᠪᠠᠷ ᠪᠦᠬᠦ ᠬᠦᠴᠦᠨ ᠢ ᠬᠡᠷᠡᠭᠯᠡᠵᠦ᠂ ᠬᠡᠷᠡᠭᠯᠡᠯᠲᠡ ᠶᠢᠨ ᠲᠠᠯ᠎ᠠ ᠪᠠᠷ ᠪᠣᠳᠠᠲᠠᠢ ᠪᠠᠷ ᠠᠵᠢᠯᠯᠠᠬᠤ ᠶᠢ ᠴᠢᠬᠤᠯᠠᠴᠢᠯᠠᠵᠤ᠂ ᠬᠠᠮᠢᠶᠠᠷᠤᠯᠲᠠ ᠶᠢᠨ ᠲᠠᠯ᠎ᠠ ᠪᠠᠷ ᠬᠡᠪ ᠳᠠᠭᠤᠷᠢᠶᠠᠯ ᠦᠵᠡᠭᠦᠯᠵᠦ᠂ ᠺᠠᠳ᠋ᠷ ᠤᠨ ᠡᠩᠨᠡᠭᠡ ᠶᠢ ︽ᠠᠮᠢᠵᠢᠷᠠᠯ ᠤᠨ ᠬᠦᠴᠦᠨ ᠲᠠᠢ᠂ ᠠᠷᠢᠭᠤᠨ ᠴᠡᠪᠡᠷ᠂ ᠬᠥᠭᠵᠢᠩᠭᠦᠢ︾ ᠡᠩᠨᠡᠭᠡ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠲᠣᠰ ᠤᠳᠠᠭᠠᠨ ᠤ ᠬᠥᠮᠦᠵᠢᠯ ᠴᠡᠭᠴᠡᠯᠡᠯᠲᠡ ᠶᠢᠨ ᠰᠤᠷᠤᠯᠴᠠᠯᠭ᠎ᠠ ᠬᠥᠮᠦᠵᠢᠯ᠂ ᠴᠡᠭᠴᠡᠯᠡᠨ ᠰᠠᠶᠢᠵᠢᠷᠠᠭᠤᠯᠤᠯᠲᠠ ᠪᠠ ᠳ᠋ᠦᠩᠨᠡᠨ ᠳᠡᠭᠡᠭᠰᠢᠯᠡᠭᠦᠯᠬᠦ ᠵᠡᠷᠭᠡ ᠭᠤᠭᠴᠤᠭ᠎ᠠ ᠲᠠᠢ ᠤᠶᠠᠯᠳᠤᠭᠤᠯᠤᠨ᠂ ᠬᠢᠵᠠᠭᠠᠷ ᠱᠤᠭᠤᠮ᠂ ᠤᠯᠠᠭᠠᠨ ᠱᠤᠭᠤᠮ᠂ ᠬᠤᠷᠢᠭ᠎ᠠ ᠱᠣᠭᠤᠮ ᠢ ᠲᠣᠳᠣᠷᠬᠠᠶ ᠲᠠᠶᠢᠯᠪᠤᠷᠢᠯᠠᠵᠤ᠂ ᠡᠷᠬᠡ ᠶᠢᠨ ᠵᠠᠭᠠᠭ ᠬᠢᠵᠠᠭᠠᠷ ᠤᠨ ᠰᠡᠷᠡᠮᠵᠢᠯᠡᠯ ᠢ ᠢᠮᠠᠭᠲᠠ ᠴᠢᠩᠳᠠᠯᠠᠨ᠂ ᠨᠠᠮ ᠤᠨ ᠲᠣᠭᠲᠠᠭᠠᠯ ᠪᠠ ᠨᠠᠮ ᠤᠨ ᠰᠠᠬᠢᠯᠭ᠎ᠠ ᠪᠠᠲᠤ ᠶᠢᠨ ᠴᠠᠭᠠᠵᠠ ᠵᠠᠷᠯᠢᠭ ᠢ ᠢᠮᠠᠭᠲᠠ ᠥᠨᠳᠥᠷ ᠨᠡᠶᠢᠲᠡᠯᠡᠵᠦ᠂ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ ᠬᠡᠮᠵᠢᠭᠦᠷ ᠢ ᠢᠮᠠᠭᠲᠠ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ ᠪᠠᠶᠢᠭᠤᠯᠭ᠎ᠠ ᠶᠢᠨ ᠺᠠᠳ᠋ᠷᠴᠤᠳ ᠤᠨ ᠬᠠᠷᠢᠯᠴᠠᠨ ᠬᠢᠨᠠᠯᠲᠠ ᠲᠠᠯᠪᠢᠬᠤ ᠶᠢ ᠦᠨᠡᠨ ᠬᠦ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠬᠠᠮᠰᠠᠷ ᠠᠴᠠ ᠪᠠᠨ ᠪᠠᠲᠤᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠦᠨᠡᠨᠴᠢ ᠰᠢᠳᠤᠷᠭᠤ ᠠᠷᠢᠭᠤᠨ ᠴᠡᠪᠡᠷ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
      ᠯᠢᠨ ᠱᠣᠣ ᠴᠦᠨ ᠴᠢᠬᠤᠯᠠᠴᠢᠯᠠᠬᠤ ᠳᠤ ᠪᠠᠨ᠂ ᠣᠳᠣᠬᠠᠨ ᠳᠤ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠨᠣᠴᠢᠲᠠᠶ ᠪᠥᠭᠡᠳ ᠨᠠᠷᠢᠨ ᠪᠤᠳᠤᠯᠢᠶᠠᠨᠲᠠᠶ ᠪᠠᠶᠢᠵᠤ᠂ ᠦᠯᠡᠳᠡᠭᠳᠡᠵᠦ ᠪᠠᠶᠢᠭ᠎ᠠ ᠠᠰᠠᠭᠤᠳᠠᠯ ᠢ ᠬᠠᠷᠠᠬᠠᠨ ᠴᠡᠪᠡᠷᠯᠡᠨ ᠠᠷᠢᠯᠭᠠᠵᠤ ᠳᠠᠭᠤᠰᠤᠭ᠎ᠠ ᠥᠬᠡᠶ᠂ ᠨᠡᠮᠡᠭᠳᠡᠯ ᠤᠨ ᠠᠰᠠᠭᠤᠳᠠᠯ ᠮᠥᠨ ᠬᠦ ᠪᠠᠶᠢᠨ ᠳᠠᠬᠢᠨ ᠡᠭᠦᠰᠴᠦ᠂ ᠢᠯᠵᠠᠷᠠᠯ ᠢ ᠡᠰᠡᠷᠭᠦᠴᠡᠬᠦ ᠲᠡᠮᠡᠴᠡᠯ ᠬᠠᠷᠠᠬᠠᠨ ᠳᠠᠪᠠᠭᠤᠯᠢᠭ ᠪᠠᠶᠢᠷᠢ ᠶᠢ ᠣᠯᠤᠭᠠᠳᠤᠶ ᠪᠠᠶᠢᠭᠰᠠᠭᠠᠷ᠃ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠳᠡᠷᠭᠡᠳᠡᠬᠢ ︽ᠠᠮᠢᠳᠤ ᠵᠢᠭᠠᠬᠤ ᠮᠠᠲ᠋ᠧᠷᠢᠶᠠᠯ︾ ᠠᠴᠠ ᠰᠤᠷᠭᠠᠮᠵᠢ ᠠᠪᠴᠤ᠂ ᠬᠥᠮᠦᠨ ᠢᠶᠠᠷ ᠲᠣᠯᠢ ᠪᠣᠯᠭᠠᠨ᠂ ᠬᠡᠷᠡᠭ ᠢᠶᠠᠷ ᠲᠣᠯᠢ ᠪᠣᠯᠭᠠᠵᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠡᠷᠡᠮᠵᠢ ᠶᠢᠨ ᠳᠣᠬᠢᠶ᠎ᠠ ᠶᠢ ᠪᠠᠶᠢᠩᠭᠤ ᠬᠠᠩᠭᠢᠨᠠᠭᠤᠯᠬᠤ ᠬᠡᠷᠡᠭᠲᠡᠶ᠃ ᠤᠯᠤᠰ ᠲᠥᠷᠥ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠪᠠᠲᠤᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠲᠥᠪ ᠭᠤᠣᠯᠴᠢ ᠰᠢᠳᠤᠷᠭᠤ ᠶᠣᠰᠣᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠬᠥᠮᠦᠨ ᠢ ᠵᠥᠪ ᠰᠣᠩᠭᠤᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠯᠡᠳᠡᠭᠳᠡᠯ ᠬᠤᠣᠷ ᠨᠥᠯᠥᠭᠡ ᠶᠢ ᠠᠷᠢᠯᠭᠠᠵᠤ᠂ ᠬᠠᠳᠠ ᠴᠢᠯᠠᠭᠤ ᠮᠡᠲᠦ ᠪᠠᠲᠤ ᠴᠢᠩᠭ᠎ᠠ ᠢᠲᠡᠭᠡᠯ ᠵᠣᠷᠢᠭ ᠢ ᠪᠠᠷᠢᠮᠲᠠᠯᠠᠨ᠂ ᠪᠠᠲᠤ ᠴᠢᠩᠭ᠎ᠠ ᠡᠷᠡᠰ ᠵᠣᠷᠢᠭ᠂ ᠥᠪᠡᠷ ᠢ ᠪᠠᠨ ᠥᠭᠡᠷᠡᠴᠢᠯᠡᠬᠦ ᠰᠥᠰᠥ ᠵᠣᠷᠢᠭ᠂ ᠡᠷᠡᠰ ᠰᠢᠭᠤᠷᠬᠠᠢ ᠪᠠᠶᠢᠳᠠᠯ ᠢᠶᠠᠷ ᠡᠴᠦᠰ ᠲᠤ ᠨᠢ ᠲᠤᠯᠲᠠᠯ᠎ᠠ ᠠᠳᠬᠤᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢᠨ ᠡᠩᠨᠡᠭᠡ ᠶᠢ ᠴᠡᠭᠴᠡᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ