ᠰᠢ ᠶᠢᠨ ᠫᠢᠩ 2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2021/9/3

      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 2 ᠤᠨ ᠤᠷᠤᠢ 2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ᠃
      ᠰᠢ ᠶᠢᠨ ᠫᠢᠩ᠂ ᠦᠢᠯᠡᠴᠢᠯᠡᠭᠡᠨ ᠤ ᠠᠷᠠᠯᠵᠢᠶ᠎ᠠ ᠪᠣᠯ ᠣᠯᠠᠨ ᠤᠯᠤᠰ ᠤᠨ ᠠᠷᠠᠯᠵᠢᠶᠠᠨ ᠤ ᠴᠢᠬᠤᠯᠠ ᠪᠦᠷᠢᠯᠳᠦᠬᠦᠨ ᠬᠡᠰᠡᠭ ᠪᠦᠭᠡᠳ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠴᠢᠬᠤᠯᠠ ᠬᠦᠷᠢᠶ᠎ᠡ ᠮᠥᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ ᠳᠤᠮᠳᠠ ᠴᠢᠬᠤᠯᠠ ᠦᠢᠯᠡᠳᠦᠯ ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠨᠡᠭᠡᠭᠡᠯᠲᠡ ᠬᠢᠵᠦ ᠬᠠᠮᠲᠤᠷᠠᠯᠴᠠᠬᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠪᠠ ᠨᠡᠮᠡᠭᠳᠡᠯ ᠢ ᠬᠠᠮᠲᠤ ᠪᠠᠷ ᠠᠬᠢᠭᠤᠯᠤᠨ᠎ᠠ ᠭᠡᠵᠤ ᠵᠢᠭᠠᠵᠤ ᠭᠠᠷᠭᠠᠪᠠ᠃

 

1.jpg


      9 ᠰᠠᠷ᠎ᠠ ᠶᠢᠨ 2 ᠤᠨ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ

ᠬᠡᠯᠡᠪᠡ᠃
      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠬᠦᠳᠡᠷᠯᠡᠪᠡ


      ᠰᠢ ᠶᠢᠨ ᠫᠢᠩ᠂ ᠳᠤᠮᠳᠠᠳᠤ ᠤᠯᠤᠰ ᠨᠡᠬᠡᠬᠡᠯᠳᠡ ᠬᠢᠬᠦ ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ ᠤᠯᠤᠰ ᠲᠤ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠬᠦ ᠶᠢ ᠠᠬᠢᠭᠤᠯᠵᠤ᠂ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠰᠦᠪᠡᠭᠴᠢᠯᠡᠨ ᠪᠠᠶᠢᠭᠤᠯᠤᠨ᠎ᠠ︔ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠤᠯᠤᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠡᠯᠡᠬᠡᠢ ᠳ᠋ᠠᠬᠢᠨ ᠯᠤᠭ᠎ᠠ ᠳᠤᠮᠳᠠᠳᠤ ᠤᠯᠤᠰ ᠤᠨ ᠮᠡᠷᠭᠡᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ︔ ᠦᠢᠯᠡᠴᠢᠯᠡᠭᠡᠨ ᠤ ᠬᠦᠷᠢᠶᠡᠨ ᠤ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠵᠡᠷᠭᠡ ᠭᠠᠵᠠᠷ ᠲᠤ ᠤᠯᠠᠨ ᠤᠯᠤᠰ ᠤᠨ ᠥᠨᠳᠥᠷ ᠲᠦᠪᠰᠢᠨ ᠪᠦᠬᠦᠢ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ ᠲᠦᠷᠢᠮ ᠲᠠᠢ ᠵᠤᠯᠭᠠᠭᠤᠯᠬᠤ ᠠᠵᠢᠯ ᠢ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠶᠢ ᠲᠡᠮᠵᠢᠵᠤ᠂ ᠲᠣᠭᠠᠴᠢᠯᠠᠭᠰᠠᠨ ᠠᠷᠠᠯᠵᠢᠶᠠᠨ ᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠦᠷᠭᠦᠯᠵᠢᠯᠡᠨ ᠳᠡᠮᠵᠢᠵᠦ᠂ ᠪᠦᠬᠦ ᠤᠯᠤᠰ ᠤᠨ ᠴᠢᠨᠠᠷᠳᠠᠢ ᠦᠨᠡᠳᠦ ᠲᠡᠮᠳᠡᠭᠳᠤ ᠠᠷᠠᠯᠵᠢᠶᠠᠯᠠᠬᠤ ᠭᠤᠷᠪᠠᠳᠡᠬᠢ ᠲᠠᠯᠠᠪᠤᠷ ᠭᠠᠵᠠᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠢ ᠪᠠᠶᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠭᠤᠣᠯ ᠵᠢᠭᠰᠠᠭᠠᠯ ᠤᠨ ᠭᠠᠵᠠᠷ ᠢ ᠪᠠᠶᠢᠭᠤᠯᠤᠨ᠎ᠠ ᠭᠡᠵᠤ ᠴᠢᠬᠤᠯᠠᠴᠢᠯᠠᠪᠠ᠃
      ᠰᠢ ᠶᠢᠨ ᠫᠢᠩ᠂ ᠪᠢᠳᠡ ᠭᠠᠷ ᠬᠤᠯᠪᠣᠯᠴᠠᠨ ᠬᠢᠵᠢᠭ ᠲᠠᠢ ᠲᠡᠮᠡᠴᠡᠵᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ︽ᠠᠯᠲᠠᠨ ᠲᠦᠯᠬᠢᠭᠦᠷ︾ ᠢᠶᠠᠷ ᠣᠳᠣᠬᠠᠨ ᠤ ᠳᠡᠯᠡᠬᠡᠶ ᠶᠢᠨ ᠠᠵᠤ ᠠᠬᠤᠶ᠂ ᠣᠯᠠᠨ ᠤᠯᠤᠰ ᠤᠨ ᠠᠷᠠᠯᠵᠢᠶ᠎ᠠ ᠪᠣᠯᠤᠨ ᠪᠠᠯᠠ ᠣᠷᠣᠭᠤᠯᠤᠯᠲᠠ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠳᠠᠯᠠᠵᠤ᠂ ᠨᠠᠩ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠰᠤᠭᠠᠢ ᠭᠡᠵᠤ ᠵᠢᠭᠠᠵᠤ ᠭᠠᠷᠭᠠᠵᠠᠢ᠃
      2021 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ 9 ᠰᠠᠷ᠎ᠠ ᠶᠢᠨ 2 ᠠᠴᠠ 7 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠵᠦ᠂ ︽ᠲᠤᠭᠠᠴᠢᠯᠠᠯᠳᠠ ᠪᠠᠷ ᠢᠷᠡᠭᠡᠳᠦᠢ ᠶᠢ ᠨᠡᠭᠡᠭᠡᠵᠦ᠂ ᠦᠢᠯᠡᠴᠢᠯᠡᠭᠡ ᠪᠠᠷ ᠬᠥᠭᠵᠢᠯᠲᠡ ᠶᠢ ᠠᠬᠢᠭᠤᠯᠤᠶ᠎ᠠ︾ ᠪᠠᠷ ᠭᠤᠣᠯ ᠰᠡᠳᠦᠪ ᠪᠤᠯᠭᠠᠭᠰᠠᠨ ᠪᠠᠶᠢᠨ᠎ᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ