1. ᠴᠠᠬᠢᠯᠳᠠᠭ ᠦᠢᠯᠡᠰ ᠴᠣᠭᠴᠠᠯᠠᠬᠤ ᠪᠣᠯᠪᠠᠰᠤᠷᠠᠯᠭᠡᠵᠦ ᠶᠠᠭᠤ ᠪᠣᠶ︖
ᠬᠠᠷᠢᠭᠤᠯᠲᠠ᠄ ᠴᠠᠬᠢᠯᠳᠠᠭ ᠦᠢᠯᠡᠰ ᠴᠣᠭᠴᠠᠯᠠᠬᠤ ᠪᠣᠯᠪᠠᠰᠤᠷᠠᠯ ᠪᠣᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠦᠢᠯᠡᠰ ᠴᠣᠭᠴᠠᠯᠠᠬᠤ ᠡᠷᠡᠮᠡᠯᠵᠡᠯ ᠪᠠ ᠪᠣᠯᠪᠠᠰᠤᠷᠠᠯ ᠬᠦᠷᠲᠡᠬᠦ ᠬᠡᠷᠡᠭᠴᠡᠭᠡ ᠲᠠᠢ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢᠴᠢᠳ ᠲᠤ ᠬᠠᠨᠳᠤᠭᠤᠯᠤᠨ ᠥᠷᠨᠢᠭᠦᠯᠦᠭᠰᠡᠨ ᠵᠢᠱᠢᠶ᠎ᠡ ᠦᠵᠡᠭᠦᠯᠬᠦ ᠴᠢᠨᠠᠷᠲᠠᠶ ᠦᠢᠯᠡᠰ ᠴᠣᠭᠴᠠᠯᠠᠬᠤ ᠪᠣᠯᠪᠠᠰᠤᠷᠠᠯ ᠪᠣᠯᠤᠨ᠎ᠠ᠃ ᠲᠡᠷᠡ ᠨᠢ ᠦᠢᠯᠡᠰ ᠴᠣᠭᠴᠠᠯᠠᠬᠤ ᠤᠬᠠᠮᠰᠠᠷ ᠢ ᠬᠥᠭᠵᠢᠭᠡᠬᠦ᠂ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠡᠵᠡᠩᠨᠡᠯᠲᠡ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ᠂ ᠬᠥᠳᠡᠯᠮᠦᠷᠢᠴᠢᠳ ᠲᠤ ᠦᠢᠯᠡᠰ ᠴᠣᠭᠴᠠᠯᠠᠬᠤ ᠪᠣᠯᠪᠠᠰᠤᠷᠠᠯ ᠪᠠ ᠵᠢᠯᠣᠭᠤᠳᠣᠯᠭ᠎ᠠ ᠬᠠᠩᠭᠠᠨ᠎ᠠ᠃ 2020 ᠣᠨ ᠤ ᠡᠴᠦᠰ ᠲᠤ᠂ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠦᠢᠯᠡᠰ ᠴᠣᠭᠴᠠᠯᠠᠬᠤ ᠪᠣᠯᠪᠠᠰᠤᠷᠠᠯ ᠤᠨ ︽ᠴᠠᠬᠢᠯᠳᠠᠭ ᠲᠥᠯᠥᠪᠯᠡᠭᠡ︾ ᠶᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ 2021 ᠣᠨ ᠤ 6 ᠳ᠋ᠤᠭᠠᠷ ᠰᠠᠷ᠎ᠠ ᠳᠤ ᠪᠠᠰᠠ ︽ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠦᠢᠯᠡᠰ ᠴᠣᠭᠴᠠᠯᠠᠬᠤ ᠪᠣᠯᠪᠠᠰᠤᠷᠠᠯ ᠤᠨ ︿ᠴᠠᠬᠢᠯᠳᠠᠭ ᠲᠥᠯᠥᠪᠯᠡᠭᠡ﹀ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2021﹈ 98 ᠳ᠋ᠤᠭᠠᠷ ᠲᠣᠭᠠᠲᠤ︶ ᠢ ᠲᠠᠷᠬᠠᠭᠠᠪᠠ᠃
2. ᠠᠰᠠᠭᠤᠯᠲᠠ᠄ ︽ᠴᠠᠬᠢᠯᠳᠠᠭ ᠲᠥᠯᠥᠪᠯᠡᠭᠡ︾ ᠶᠢᠨ ᠬᠠᠷᠠᠯᠲᠠ ᠨᠢ ᠶᠠᠭᠤ ᠪᠤᠢ︖
ᠬᠠᠷᠢᠭᠤᠯᠲᠠ᠄ ᠬᠠᠷᠠᠯᠲᠠ ᠨᠢ ᠳᠠᠷᠤᠢ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠨᠡᠶᠢᠭᠡᠮ ᠢᠶᠠᠷ ᠢᠶᠠᠨ ᠣᠷᠣᠯᠴᠠᠬᠤ᠂ ᠦᠢᠯᠡᠰ ᠴᠣᠭᠴᠠᠯᠠᠭᠴᠢ ᠡᠵᠡᠨ ᠮᠡᠳᠡᠵᠦ ᠰᠣᠩᠭᠤᠭᠰᠠᠨ ᠦᠢᠯᠡᠰ ᠴᠣᠭᠴᠠᠯᠠᠬᠤ ᠪᠣᠯᠪᠠᠰᠤᠷᠠᠯ ᠤᠨ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠢᠯᠡᠰ ᠴᠣᠭᠴᠠᠯᠠᠬᠤ ᠪᠣᠯᠪᠠᠰᠤᠷᠠᠯ ᠤᠨ ᠣᠨᠣᠯᠵᠢᠬᠤᠨ ᠢ ᠨᠠᠩ ᠳᠠᠪᠰᠢᠩᠭᠤᠢ ᠪᠣᠯᠭᠠᠬᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠡᠲᠡᠭᠡᠳ ᠢ ᠨᠠᠩ ᠴᠢᠯᠦᠭᠡᠯᠡᠬᠦ᠂ ᠦᠢᠯᠡᠰ ᠴᠣᠭᠴᠠᠯᠠᠬᠤ ᠪᠣᠯᠪᠠᠰᠤᠷᠠᠯ ᠤᠨ ᠡᠬᠢ ᠪᠠᠶᠠᠯᠢᠭ ᠢ ᠨᠠᠩ ᠡᠯᠪᠡᠭᠵᠢᠭᠦᠯᠬᠦ᠂ ᠦᠢᠯᠡᠰ ᠴᠣᠭᠴᠠᠯᠠᠬᠤ ᠪᠣᠯᠪᠠᠰᠤᠷᠠᠯ ᠤᠨ ᠵᠠᠭᠪᠤᠷ ᠢ ᠨᠠᠩ ᠣᠯᠠᠰᠢᠷᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃
ᠮᠠᠨ ᠤ ᠣᠷᠣᠨ ᠤ ᠬᠠᠷᠠᠯᠲᠠ ᠡᠭᠦᠷᠭᠡ ᠪᠣᠯ ᠪᠥᠬᠦ ᠣᠷᠣᠨ ᠤ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠶᠢ 250 ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ᠂ ᠡᠭᠦᠨ ᠤ ᠰᠠᠭᠤᠷᠢᠨ ᠳᠡᠭᠡᠷ᠎ᠡ ᠨᠢᠭᠡ ᠪᠦᠯᠦᠭ ᠨᠠᠩ ᠥᠨᠳᠥᠷ ᠲᠦᠪᠰᠢᠨ ᠪᠥᠬᠦᠶ᠂ ᠨᠠᠩ ᠶᠡᠭᠡ ᠨᠥᠯᠥᠭᠡᠯᠡᠬᠦ ᠬᠦᠴᠦᠨ ᠪᠦᠬᠦᠢ ᠦᠢᠯᠡᠰ ᠴᠣᠭᠴᠠᠯᠠᠬᠤ ᠪᠣᠯᠪᠠᠰᠤᠷᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠤᠶᠢᠵᠢᠭᠤᠯᠤᠨ ᠬᠥᠭᠵᠢᠭᠦᠯᠦᠨ᠎ᠡ︔ ᠦᠢᠯᠡᠰ ᠴᠣᠭᠴᠠᠯᠠᠬᠤ ᠪᠣᠯᠪᠠᠰᠤᠷᠠᠯ ᠤᠨ ᠰᠢᠯᠢᠳᠡᠭ ᠪᠠᠭᠰᠢ ᠨᠠᠷ ᠤᠨ ᠦᠢᠯᠡᠰ ᠴᠣᠭᠴᠠᠯᠠᠬᠤ ᠪᠣᠯᠪᠠᠰᠤᠷᠠᠯ ᠢ ᠵᠢᠯᠣᠭᠤᠳᠬᠤ ᠠᠵᠢᠯ ᠤᠨ ᠲᠠᠰᠤᠭ ᠪᠠᠶᠢᠭᠤᠯᠬᠤ ᠶᠢ ᠳᠡᠮᠵᠢᠨ᠎ᠡ︔ ᠵᠢᠯ ᠪᠦᠷᠢ ᠶᠢᠨ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠣᠨ ᠤ ᠪᠣᠯᠪᠠᠰᠤᠷᠠᠭᠤᠯᠬᠤ ᠬᠡᠮᠵᠢᠶ᠎ᠡ ᠶᠢ 330 ᠬᠥᠮᠦᠨ ᠠᠴᠠ ᠳᠣᠤᠷ᠎ᠠ ᠪᠠᠶᠢᠯᠭᠠᠬᠤ ᠥᠬᠡᠶ᠂ 2021 ᠣᠨ ᠳᠤ ᠦᠢᠯᠡᠰ ᠴᠣᠭᠴᠠᠯᠠᠭᠴᠢ ᠶᠢᠨ ᠪᠣᠯᠪᠠᠰᠤᠷᠠᠯ ᠢ 2 ᠲᠦᠮᠡᠨ ᠬᠥᠮᠦᠨ ᠤᠳᠠᠭ᠎ᠠ ᠠᠴᠠ ᠳᠡᠭᠡᠭᠰᠢ ᠳᠤ ᠬᠦᠷᠦᠭᠦᠯᠵᠦ᠂ ᠡᠨᠡ ᠵᠢᠯ ᠤᠨ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠣᠷᠣᠨ ᠤ ᠦᠢᠯᠡᠰ ᠴᠣᠭᠴᠠᠯᠠᠬᠤ ᠪᠣᠯᠪᠠᠰᠤᠷᠠᠯ ᠤᠨ ᠬᠥᠮᠦᠨ ᠤ ᠲᠤᠭ᠎ᠠ ᠶᠢ ᠨᠢᠭᠡᠨᠲᠡ 1.76 ᠲᠦᠮᠡ ᠳᠤ ᠬᠦᠷᠦᠭᠦᠯᠵᠦ᠂ ᠡᠭᠦᠨ ᠤ ᠬᠠᠮᠲᠤ ᠬᠤᠶᠢᠰᠢᠳᠠ ᠵᠢᠯ ᠪᠦᠷᠢ ᠶᠢᠨ ᠪᠣᠯᠪᠠᠰᠤᠷᠠᠭᠤᠯᠬᠤ ᠬᠡᠮᠵᠢᠶ᠎ᠡ ᠶᠢ ᠠᠬᠢᠭᠤᠯᠤᠨ ᠨᠡᠮᠡᠭᠳᠡᠭᠦᠯᠬᠦ ᠪᠠᠷ ᠴᠢᠷᠮᠠᠶᠢᠨ᠎ᠠ᠃
3. ᠠᠰᠠᠭᠤᠯᠲᠠ᠄ ︽ᠴᠠᠬᠢᠯᠳᠠᠭ ᠲᠥᠯᠥᠪᠯᠡᠭᠡ︾ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠶ︖
ᠬᠠᠷᠢᠭᠤᠯᠲᠠ᠄ ᠨᠢᠭᠡ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠠᠭᠤᠯᠭ᠎ᠠ ᠪᠠ ᠬᠠᠷᠠᠯᠲᠠ ᠶᠢ ᠲᠣᠳᠣᠷᠬᠠᠶᠢᠯᠠᠪᠠ᠃ ᠠᠳᠠᠯᠢ ᠪᠤᠰᠤ ᠦᠢᠯᠡᠰ ᠴᠣᠭᠴᠠᠯᠠᠬᠤ ᠱᠠᠲᠤᠨ ᠳᠤ ᠴᠢᠭᠯᠡᠭᠦᠯᠦᠨ ᠦᠢᠯᠡᠰ ᠴᠣᠭᠴᠠᠯᠠᠬᠤ ᠪᠣᠯᠪᠠᠰᠤᠷᠠᠯ ᠢ ᠥᠷᠨᠢᠭᠦᠯᠪᠡ᠃ ᠦᠢᠯᠡᠰ ᠴᠣᠭᠴᠠᠯᠠᠬᠤ ᠪᠠᠷ ᠪᠡᠯᠡᠳᠬᠡᠵᠦ ᠪᠠᠶᠢᠭ᠎ᠠ ᠪᠠ ᠦᠢᠯᠡᠰ ᠴᠣᠭᠴᠠᠯᠠᠭᠰᠠᠨ ᠡᠬᠢᠨ ᠤ ᠬᠤᠭᠤᠴᠠᠭᠠᠨ ᠤ ᠬᠥᠮᠦᠰ ᠦᠢᠯᠡᠰ ᠴᠣᠭᠴᠠᠯᠠᠬᠤ ᠤᠬᠠᠮᠰᠠᠷ᠂ ᠠᠵᠤ ᠠᠬᠤᠶᠢᠯᠠᠯ ᠪᠠᠶᠢᠭᠤᠯᠬᠤ᠂ ᠰᠦᠯᠵᠢᠶ᠎ᠡ ᠪᠠᠷ ᠦᠢᠯᠡᠰ ᠴᠣᠭᠴᠠᠯᠠᠬᠤ᠂ ᠦᠢᠯᠡᠰ ᠴᠣᠭᠴᠠᠯᠠᠬᠤ ︵ᠰᠣᠷᠢᠯᠲᠠ︶ ᠳᠠᠳᠤᠯᠭ᠎ᠠ ᠵᠡᠷᠭᠡ ᠬᠢᠴᠢᠶᠡᠯ ᠤᠨ ᠪᠣᠯᠪᠠᠰᠤᠷᠠᠯ ᠳᠤ ᠣᠷᠣᠯᠴᠠᠵᠤ᠂ ᠲᠥᠷᠥᠯ ᠵᠦᠢᠯ ᠤᠨ ᠰᠣᠩᠭᠤᠯᠲᠠ᠂ ᠵᠠᠬ᠎ᠠ ᠳᠡᠯᠭᠡᠭᠦᠷ ᠤᠨ ᠦᠨᠡᠯᠡᠨ ᠵᠢᠱᠢᠯᠲᠡ᠂ ᠪᠠᠯᠠ ᠮᠥᠩᠭᠦ ᠶᠢᠨ ᠵᠢᠱᠢᠯᠲᠡ᠂ ᠦᠢᠯᠡᠰ ᠴᠣᠭᠴᠠᠯᠠᠬᠤ ᠲᠥᠯᠥᠪᠯᠡᠭᠡ ᠵᠡᠷᠭᠡ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠨᠢᠭᠡᠨᠲᠡ ᠠᠮᠵᠢᠯᠲᠠ ᠲᠠᠢ ᠪᠠᠷ ᠦᠢᠯᠡᠰ ᠴᠣᠭᠴᠠᠯᠠᠭᠰᠠᠨ ᠬᠥᠮᠦᠰ ᠠᠵᠤ ᠠᠬᠤᠶᠢᠯᠠᠯ ᠢᠶᠠᠨ ᠰᠠᠶᠢᠵᠢᠷᠠᠭᠤᠯᠬᠤ ᠪᠠ ᠠᠵᠤ ᠠᠬᠤᠶᠢᠯᠠᠯ ᠢᠶᠠᠨ ᠥᠷᠭᠡᠳᠬᠡᠬᠦ ᠵᠡᠷᠭᠡ ᠬᠢᠴᠢᠶᠡᠯ ᠪᠣᠯᠪᠠᠰᠤᠷᠠᠯ ᠳᠤ ᠣᠷᠣᠯᠴᠠᠵᠤ᠂ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠬᠦᠯᠦᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ ᠭᠠᠳᠠᠭᠠᠳᠤ ᠶᠢᠨ ᠲᠦᠭᠰᠢᠭᠦᠷᠢ ᠶᠢ ᠡᠰᠡᠷᠭᠦᠴᠡᠵᠦ᠂ ᠠᠵᠤ ᠠᠬᠤᠶᠢᠯᠠᠯ ᠤᠨ ᠡᠵᠡᠩᠨᠡᠯᠲᠡ ᠪᠠᠨ ᠲᠣᠭᠲᠠᠪᠤᠷᠢᠵᠢᠭᠤᠯᠤᠨ᠂ ᠠᠵᠢᠯ ᠤᠨ ᠪᠠᠶᠢᠷᠢ ᠶᠢ ᠥᠷᠭᠡᠳᠬᠡᠵᠦ ᠪᠣᠯᠤᠨ᠎ᠠ᠃ ᠪᠣᠯᠪᠠᠰᠤᠷᠠᠯ ᠤᠨ ᠬᠠᠷᠠᠯᠲᠠ᠄ ︵1︶ ᠦᠢᠯᠡᠰ ᠴᠣᠭᠴᠠᠯᠠᠬᠤ ᠲᠠᠨᠢᠨ ᠮᠡᠳᠡᠬᠦᠶ ᠶᠢᠨ ᠱᠠᠲᠤᠨ ᠳᠤ ᠱᠠᠭᠠᠷᠳᠠᠭᠳᠠᠬᠤ ᠦᠨᠳᠦᠰᠦᠨ ᠮᠡᠳᠡᠯᠭᠡ ᠶᠢ ᠡᠵᠡᠮᠰᠢᠵᠦ᠂ ᠠᠳᠠᠯᠢ ᠪᠤᠰᠤ ᠦᠢᠯᠡᠰ ᠴᠣᠭᠴᠠᠯᠠᠬᠤ ᠱᠠᠲᠤᠨ ᠤ ᠬᠥᠭᠵᠢᠯᠲᠡ ᠶᠢᠨ ᠬᠦᠴᠦᠨ ᠵᠦᠢᠯ ᠪᠠ ᠠᠵᠤ ᠠᠬᠤᠶᠢᠯᠠᠯ ᠤᠨ ᠠᠭᠤᠯᠤᠭᠳᠠᠬᠤᠨ ᠢ ᠣᠶᠢᠯᠠᠭᠠᠨ᠎ᠠ︔ ︵2︶ ᠦᠢᠯᠡᠰ ᠴᠣᠭᠴᠠᠯᠠᠭᠴᠢ ᠶᠢᠨ ᠪᠠᠶᠢᠪᠠᠰᠤ ᠵᠣᠬᠢᠬᠤ ᠬᠡᠪ ᠴᠢᠨᠠᠷ ᠪᠠ ᠴᠢᠳᠠᠪᠤᠷᠢ ᠶᠢ ᠲᠠᠨᠢᠨ ᠮᠡᠳᠡᠵᠦ᠂ ᠥᠪᠡᠷ ᠤᠨ ᠦᠢᠯᠡᠰ ᠴᠣᠭᠴᠠᠯᠠᠬᠤ ᠴᠢᠳᠠᠪᠤᠷᠢ ᠪᠠ ᠦᠢᠯᠡᠰ ᠴᠣᠭᠴᠠᠯᠠᠬᠤ ᠡᠬᠢ ᠪᠠᠶᠠᠯᠢᠭ ᠢᠶᠠᠨ ᠪᠤᠰᠤᠳᠴᠢ ᠪᠠᠷ ᠦᠨᠡᠯᠡᠨ ᠵᠢᠱᠢᠵᠦ ᠴᠢᠳᠠᠨ᠎ᠠ︔ ︵3︶ ᠦᠢᠯᠡᠰ ᠴᠣᠭᠴᠠᠯᠠᠬᠤ ᠲᠥᠷᠥᠯ ᠵᠦᠢᠯ ᠢ ᠢᠯᠡᠷᠡᠭᠦᠯᠬᠦ ᠪᠠ ᠰᠢᠯᠢᠨ ᠰᠣᠩᠭᠤᠬᠤ ᠠᠷᠭ᠎ᠠ ᠶᠢ ᠬᠡᠷᠡᠭᠯᠡᠨ᠂ ᠬᠤᠳᠠᠯᠳᠤᠭᠠᠨ ᠤ ᠲᠣᠬᠢᠶᠠᠯ ᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠥᠪᠡᠷ ᠤᠨ ᠪᠡᠶ᠎ᠡ ᠳᠤ ᠪᠠᠨ ᠳᠣᠭᠢᠷᠬᠠᠰᠠᠨ ᠦᠢᠯᠡᠰ ᠴᠣᠭᠴᠠᠯᠠᠬᠤ ᠲᠥᠷᠥᠯ ᠵᠦᠢᠯ ᠢ ᠪᠤᠢ ᠪᠣᠯᠭᠠᠬᠤ ᠪᠠ ᠰᠢᠯᠢᠨ ᠰᠣᠩᠭᠤᠵᠤ ᠴᠢᠳᠠᠨ᠎ᠠ︔ ︵4︶ ᠪᠣᠯᠪᠠᠰᠤᠷᠠᠯ ᠳᠤ ᠣᠷᠣᠯᠴᠠᠭᠰᠠᠳ ᠤᠨ ᠦᠢᠯᠡᠰ ᠴᠣᠭᠴᠠᠯᠠᠬᠤ ᠤᠬᠠᠮᠰᠠᠷ᠂ ᠦᠢᠯᠡᠰ ᠴᠣᠭᠴᠠᠯᠠᠬᠤ ᠤᠷᠮ᠎ᠠ ᠶᠢ ᠬᠥᠭᠵᠢᠭᠡᠵᠦ᠂ ᠪᠣᠯᠪᠠᠰᠤᠷᠠᠯ ᠳᠤ ᠣᠷᠣᠯᠴᠠᠭᠰᠠᠳ ᠤᠨ ᠰᠢᠨ᠎ᠡ ᠶᠢ ᠡᠭᠦᠳᠬᠦ ᠰᠡᠳᠬᠢᠬᠦᠶ ᠵᠢᠴᠢ ᠦᠢᠯᠡᠰ ᠴᠣᠭᠴᠠᠯᠠᠬᠤ ᠵᠣᠷᠢᠭ ᠰᠠᠨᠠᠭ᠎ᠠ ᠶᠢ ᠬᠥᠮᠥᠵᠢᠭᠦᠯᠦᠨ᠎ᠡ᠃
ᠬᠤᠶᠠᠷ ᠲᠤ᠂ ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠬᠤ ᠬᠥᠮᠥᠰ ᠤᠨ ᠬᠡᠪᠴᠢᠶ᠎ᠡ ᠶᠢ ᠥᠷᠭᠡᠳᠬᠡᠨ᠎ᠡ᠃ ︽ᠴᠠᠬᠢᠯᠳᠠᠭ ᠲᠥᠯᠥᠪᠯᠡᠭᠡ︾ ᠨᠢ ᠦᠢᠯᠡᠰ ᠴᠣᠭᠴᠠᠯᠠᠬᠤ ᠡᠷᠡᠮᠡᠯᠵᠡᠯ ᠪᠠ ᠪᠣᠯᠪᠠᠰᠤᠷᠠᠯ ᠬᠦᠷᠲᠡᠬᠦ ᠬᠡᠷᠡᠭᠴᠡᠭᠡ ᠲᠠᠢ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢᠴᠢᠳ ᠲᠤ ᠬᠠᠨᠳᠤᠭᠤᠯᠪᠠ᠃ ᠠᠮᠢᠳᠤᠷᠠᠯ ᠨᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠦᠬᠡᠳ᠂ ᠶᠠᠳᠠᠭᠤ ᠬᠥᠳᠡᠯᠮᠦᠷᠢ ᠬᠦᠴᠦ᠂ ᠬᠤᠲᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠤ ᠳᠡᠪᠰᠢᠭᠰᠡᠨ ᠦᠭᠡᠢ ᠠᠩᠬ᠎ᠠ᠂ ᠥᠨᠳᠥᠷ ᠳᠤᠮᠳᠠᠳᠤ ᠶᠢᠨ ᠰᠤᠷᠤᠭᠴᠢᠳ᠂ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠶᠢᠨ ᠣᠶᠤᠲᠠᠳ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠰᠤᠷᠤᠭᠴᠢᠳ᠂ ᠰᠤᠷᠭᠠᠭᠤᠯᠢ ᠠᠴᠠ ᠪᠠᠨ ᠰᠠᠯᠤᠭᠠᠳ 2 ᠵᠢᠯ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠳᠡᠭᠡ ᠲᠣᠰᠬᠤᠨ ᠠᠴᠠ ᠰᠢᠯᠵᠢᠵᠦ ᠠᠵᠢᠯ ᠣᠯᠤᠭᠰᠠᠨ ᠬᠥᠳᠡᠯᠮᠦᠷᠢᠴᠢᠳ᠂ ᠨᠤᠲᠤᠭ ᠲᠤ ᠪᠠᠨ ᠪᠤᠴᠠᠨ ᠬᠥᠳᠡᠭᠡ ᠳᠤ ᠣᠴᠢᠵᠤ ᠦᠢᠯᠡᠰ ᠴᠣᠭᠴᠠᠯᠠᠭᠴᠢᠳ᠂ ᠬᠥᠳᠡᠭᠡ ᠲᠣᠰᠬᠤᠨ ᠤ ᠦᠢᠯᠡᠰ ᠴᠣᠭᠴᠠᠯᠠᠵᠤ ᠪᠠᠶᠠᠵᠢᠬᠤ ᠶᠢ ᠳᠠᠭᠠᠭᠤᠯᠤᠭᠴᠢᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠠᠵᠢᠯ ᠤᠨ ᠪᠠᠶᠢᠷᠢ ᠰᠢᠯᠵᠢᠭᠰᠡᠨ ᠠᠵᠢᠯᠲᠠᠳ᠂ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠭᠴᠢᠳ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠦᠭᠦᠳ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭᠴᠦᠳ ᠪᠠᠭᠲᠠᠨ᠎ᠠ︶᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠬᠤ ᠭᠡᠵᠦ ᠪᠠᠶᠢᠭ᠎ᠠ ᠬᠥᠮᠦᠰ ᠵᠡᠷᠭᠡ ᠳᠤ ᠦᠢᠯᠡᠰ ᠴᠣᠭᠴᠠᠯᠠᠬᠤ ᠪᠣᠯᠪᠠᠰᠤᠷᠠᠯ ᠥᠷᠨᠢᠭᠦᠯᠦᠨ᠎ᠡ᠃
ᠭᠤᠷᠪᠠ ᠳᠤ᠂ ᠤᠷ᠎ᠠ ᠮᠡᠷᠭᠡᠰᠢᠯ ᠪᠣᠯᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠤᠶᠠᠯᠳᠤᠯ ᠢ ᠠᠬᠢᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠣᠯᠪᠠᠰᠤᠷᠠᠯ ᠢ ᠠᠬᠢᠭᠤᠯᠵᠤ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠢᠴᠢᠶᠡᠯ ᠢ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠤᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠬᠥᠮᠥᠵᠢᠯ ᠪᠣᠯᠪᠠᠰᠤᠷᠠᠯ ᠢ ᠲᠦᠷᠭᠡᠳᠬᠡᠨ᠎ᠡ᠃ ᠤᠷ᠎ᠠ ᠮᠡᠷᠭᠡᠰᠢᠯ ᠤᠨ ᠮᠠᠰᠲ᠋ᠧᠷ ᠤᠨ ᠠᠵᠢᠯᠯᠠᠬᠤ ᠲᠠᠰᠤᠭ ᠵᠡᠷᠭᠡ ᠳᠤ ᠲᠦᠰᠢᠭᠯᠡᠨ ᠣᠯᠠᠨ ᠵᠦᠢᠯ ᠤᠨ ᠬᠡᠯᠪᠡᠷᠢ ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ︽ᠦᠢᠯᠡᠰ ᠲᠤᠷᠰᠢᠨ ᠴᠣᠭᠴᠠᠯᠠᠬᠤ︾ ᠦᠢᠯᠡᠳᠦᠯᠭᠡ ᠶᠢᠨ ᠠᠵᠢᠯᠯᠠᠭ᠎ᠠ ᠶᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠤᠨ᠎ᠠ᠃
ᠲᠦᠷᠪᠡ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ᠦᠢᠯᠡᠰ ᠴᠣᠭᠴᠠᠯᠠᠬᠤ ᠪᠣᠯᠪᠠᠰᠤᠷᠠᠯ ᠤᠨ ᠵᠢᠯᠣᠭᠤᠳᠤᠯᠭ᠎ᠠ ᠵᠢᠨᠬᠢᠴᠢᠶᠡᠯ ᠢ ᠴᠢᠭᠯᠡᠯᠲᠦ ᠴᠢᠨᠠᠷᠲᠠᠶ ᠪᠠᠷ ᠨᠡᠭᠡᠭᠡᠨ ᠬᠥᠭᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡ ᠪᠠ ᠦᠢᠯᠡᠰ ᠴᠣᠭᠴᠠᠯᠠᠬᠤ ᠵᠢᠯᠣᠭᠤᠳᠣᠭᠴᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠥᠳᠡᠭᠡ ᠲᠣᠰᠬᠤᠨ᠂ ᠬᠢᠯᠢ ᠬᠢᠵᠠᠭᠠᠷ ᠣᠷᠣᠨ ᠤ ᠦᠢᠯᠡᠰ ᠴᠣᠭᠴᠠᠯᠠᠬᠤ ᠪᠣᠯᠪᠠᠰᠤᠷᠠᠯ ᠤᠨ ᠵᠢᠯᠣᠭᠤᠳᠣᠯᠭ᠎ᠠ ᠶᠢ ᠠᠬᠢᠭᠤᠯᠤᠨ᠎ᠠ᠃ ᠨᠤᠲᠤᠭ ᠲᠤ ᠪᠠᠨ ᠪᠤᠴᠠᠵᠤ ᠬᠥᠳᠡᠭᠡ ᠳᠤ ᠣᠴᠢᠭᠰᠠᠳ᠂ ᠬᠥᠳᠡᠭᠡ ᠲᠣᠰᠬᠤᠨ ᠤ ᠦᠢᠯᠡᠰ ᠴᠣᠭᠴᠠᠯᠠᠵᠤ ᠪᠠᠶᠠᠵᠢᠬᠤ ᠶᠢ ᠳᠠᠭᠠᠭᠤᠯᠤᠭᠴᠢ ᠪᠠ ᠶᠠᠳᠠᠭᠤ ᠶᠢ ᠲᠡᠳᠬᠦᠵᠦ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠨᠡᠶᠢᠲᠡᠯᠢᠭ ᠦᠢᠯᠡ ᠠᠵᠢᠯᠯᠠᠭ᠎ᠠ ᠶᠢ ᠠᠭᠤᠳᠠᠯᠤᠨ ᠤᠬᠠᠭᠤᠯᠤᠨ᠎ᠠ᠃
4. ᠠᠰᠠᠭᠤᠯᠲᠠ᠄ ︽ᠴᠠᠬᠢᠯᠳᠠᠭ ᠲᠥᠯᠥᠪᠯᠡᠭᠡ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠶᠠᠮᠠᠷ ᠶᠠᠮᠠᠷ ᠳᠡᠮᠵᠢᠯᠭᠡ ᠶᠢᠨ ᠪᠠᠲᠤᠯᠠᠭ᠎ᠠ ᠪᠠᠶᠢᠬᠤ ᠪᠤᠶ︖
ᠬᠠᠷᠢᠭᠤᠯᠲᠠ᠄ ᠨᠢᠭᠡ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠡᠬᠢ ᠪᠠᠶᠠᠯᠢᠭ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠡᠶᠢᠲᠡᠯᠡᠭᠰᠡᠨ ︽ᠦᠢᠯᠡᠰ ᠴᠣᠭᠴᠠᠯᠠᠬᠤ ᠪᠣᠯᠪᠠᠰᠤᠷᠠᠯ ᠤᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠳᠤ ᠲᠦᠰᠢᠭᠯᠡᠨ᠂ ᠦᠢᠯᠡᠰ ᠴᠣᠭᠴᠠᠯᠠᠬᠤ ᠣᠯᠠᠨ ᠵᠦᠢᠯ ᠤᠨ ᠪᠣᠯᠪᠠᠰᠤᠷᠠᠯ ᠤᠨ ᠬᠢᠴᠢᠶᠡᠯ᠂ ᠵᠢᠭᠠᠬᠤ ᠮᠠᠲ᠋ᠧᠷᠢᠶᠠᠯ ᠪᠠ ᠬᠡᠷᠡᠭ ᠤᠨ ᠵᠢᠱᠢᠶ᠎ᠡ ᠶᠢᠨ ᠬᠥᠮᠥᠷᠭᠡ ᠶᠢ ᠪᠠᠶᠢᠭᠤᠯᠵᠤ᠂ ᠠᠮᠢᠳᠤᠯᠢᠭ ᠪᠥᠭᠡᠳ ᠣᠯᠠᠨ ᠬᠡᠯᠪᠡᠷᠢ ᠶᠢᠨ ᠪᠣᠯᠪᠠᠰᠤᠷᠠᠯ ᠤᠨ ᠵᠠᠭᠪᠤᠷ ᠢ ᠲᠡᠭᠦᠯᠳᠡᠷᠵᠢᠭᠦᠯᠦᠨ᠂ ︽ᠢᠨᠲ᠋ᠧᠷ ᠰᠦᠯᠵᠢᠶ᠎ᠡ + ᠦᠢᠯᠡᠰ ᠴᠣᠭᠴᠠᠯᠠᠬᠤ ᠪᠣᠯᠪᠠᠰᠤᠷᠠᠯ︾ ᠢ ᠰᠦᠪᠡᠭᠴᠢᠯᠡᠵᠦ᠂ ᠰᠦᠯᠵᠢᠶ᠎ᠡ ᠪᠠᠷ ᠦᠢᠯᠡᠰ ᠴᠣᠭᠴᠠᠯᠠᠬᠤ ᠪᠣᠯᠪᠠᠰᠤᠷᠠᠯ ᠡᠷᠬᠢᠯᠡᠬᠦ ᠮᠡᠷᠭᠡᠵᠢᠯ ᠤᠨ ᠲᠠᠪᠴᠠᠩ ᠵᠡᠷᠭᠡ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃
ᠬᠤᠶᠠᠷ ᠲᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠤᠨ᠎ᠠ᠃ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ᠂ ᠠᠵᠢᠯ ᠣᠯᠭᠤᠵᠤ ᠦᠢᠯᠡᠰ ᠴᠣᠭᠴᠠᠯᠠᠬᠤ ᠪᠣᠯᠪᠠᠰᠤᠷᠠᠯ ︵ᠪᠣᠳᠠᠲᠠᠶ ᠪᠣᠯᠪᠠᠰᠤᠷᠠᠯ︶ ᠤᠨ ᠲᠥᠪ᠂ ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶᠂ ᠶᠡᠭᠡ ᠳᠡᠭᠡᠳᠦ ᠰᠤᠷᠭᠠᠭᠤᠯᠢ᠂ ᠦᠢᠯᠡᠰ ᠴᠣᠭᠴᠠᠯᠠᠬᠤ ᠨᠡᠪᠴᠢᠭᠦᠯᠭᠡ ᠶᠢᠨ ᠰᠠᠭᠤᠷᠢᠨ ᠭᠠᠵᠠᠷ᠂ ᠣᠯᠠᠨ ᠢᠶᠠᠷ ᠢᠶᠠᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠣᠷᠣᠨ ᠵᠠᠶ ᠵᠡᠷᠭᠡ ᠪᠣᠳᠠᠲᠤ ᠴᠣᠭᠴᠠ ᠶᠢᠨ ᠦᠢᠯᠡᠰ ᠴᠣᠭᠴᠠᠯᠠᠬᠤ ᠪᠣᠯᠪᠠᠰᠤᠷᠠᠯ ᠥᠷᠨᠢᠭᠦᠯᠬᠦ ᠶᠢ ᠳᠡᠮᠵᠢᠨ᠎ᠡ︔ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠤᠨ ᠦᠢᠯᠡᠴᠢᠯᠡᠭᠡ ᠶᠢ ︽ᠬᠡᠷ ᠲᠤ ᠨᠢ ᠬᠦᠷᠭᠡᠬᠦ︾ ᠶᠢ ᠵᠣᠷᠢᠭᠵᠢᠭᠤᠯᠵᠤ᠂ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶᠂ ᠠᠵᠤ ᠠᠬᠤᠶᠢᠯᠠᠯ ᠵᠡᠷᠭᠡ ᠳᠤ ᠪᠣᠯᠪᠠᠰᠤᠷᠠᠯ ᠤᠨ ᠬᠢᠴᠢᠶᠡᠯ᠂ ᠪᠠᠭᠰᠢ ᠵᠡᠷᠭᠡ ᠡᠬᠢ ᠪᠠᠶᠠᠯᠢᠭ ᠬᠠᠩᠭᠠᠬᠤ ᠶᠢ ᠵᠣᠷᠢᠭᠵᠢᠭᠤᠯᠤᠨ᠎ᠠ᠃
ᠭᠤᠷᠪᠠ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠬᠥᠮᠥᠷᠭᠡ ᠶᠢ ᠪᠠᠶᠢᠭᠤᠯᠤᠨ᠎ᠠ᠃ ᠦᠢᠯᠡᠰ ᠴᠣᠭᠴᠠᠯᠠᠬᠤ ᠡᠯ᠎ᠡ ᠲᠥᠷᠥᠯ ᠤᠨ ᠪᠣᠯᠪᠠᠰᠤᠷᠠᠯ ᠤᠨ ᠪᠠᠭᠰᠢ ᠶᠢᠨ ᠪᠣᠯᠪᠠᠰᠤᠷᠠᠯ ᠪᠠ ᠰᠣᠯᠢᠯᠴᠠᠭᠠᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠪᠣᠯᠪᠠᠰᠤᠷᠠᠯ ᠪᠠ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠦᠨ᠂ ᠨᠥᠬᠦᠴᠡᠯ ᠲᠠᠢ ᠭᠠᠵᠠᠷ ᠣᠷᠣᠨ ᠤ ᠪᠠᠭᠰᠢ ᠬᠥᠮᠦᠵᠢᠭᠦᠯᠬᠦ ᠵᠠᠭᠪᠤᠷ ᠲᠤ ᠪᠠᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ︽ᠴᠠᠬᠢᠯᠳᠠᠭ ᠪᠥᠬᠦ ᠤᠯᠤᠰ ᠤᠨ ᠦᠢᠯᠡᠰ ᠴᠣᠭᠴᠠᠯᠠᠬᠤ ᠪᠣᠯᠪᠠᠰᠤᠷᠠᠯ ᠤᠨ ᠯᠧᠺᠲ᠋ᠣᠷ ᠤᠨ ᠤᠷᠤᠯᠳᠤᠭᠠᠨ︾ ᠢ ᠦᠷᠭᠦᠯᠵᠢᠯᠡᠨ ᠵᠣᠬᠢᠶᠠᠨ ᠪᠠᠶᠢᠭᠤᠯᠤᠨ᠎ᠠ᠃ ᠡᠨᠡ ᠵᠢᠯ ᠤᠨ 7 ᠳ᠋ᠤᠭᠠᠷ ᠰᠠᠷ᠎ᠠ ᠶᠢᠨ 8 ᠤ ᠡᠳᠦᠷ ᠥᠪᠥᠷ ᠮᠣᠩᠭᠤᠯ ᠤᠨ ᠬᠤᠪᠢᠶᠠᠷᠢ ᠤᠷᠤᠯᠳᠤᠭᠠᠨ ᠨᠢᠭᠡᠨᠲᠡ ᠳᠠᠭᠤᠰᠴᠤ᠂ 8 ᠳ᠋ᠤᠭᠠᠷ ᠰᠠᠷ᠎ᠠ ᠶᠢᠨ ᠰᠡᠭᠦᠯᠴᠢ ᠪᠠᠷ ᠪᠥᠬᠦ ᠤᠯᠤᠰ ᠤᠨ ᠤᠷᠤᠯᠳᠤᠭᠠᠨ ᠳᠤ ᠣᠷᠣᠯᠴᠠᠨ᠎ᠠ᠃
ᠳᠥᠷᠪᠡ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠶᠠᠰᠤ ᠴᠢᠨᠠᠷ ᠢ ᠬᠢᠨᠠᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠦᠢᠯᠡᠰ ᠴᠣᠭᠴᠠᠯᠠᠬᠤ ᠪᠣᠯᠪᠠᠰᠤᠷᠠᠯ ᠤᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠦᠢᠯᠡᠰ ᠴᠣᠭᠴᠠᠯᠠᠬᠤ ᠪᠣᠯᠪᠠᠰᠤᠷᠠᠯ ᠤᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠯ ᠤᠨ ᠪᠠᠶᠢᠭᠤᠯᠤᠮᠵᠢ ᠶᠢᠨ ᠪᠦᠬᠦᠨ ᠢ ᠬᠠᠮᠤᠷᠬᠤ᠂ ᠪᠣᠯᠪᠠᠰᠤᠷᠠᠯ ᠤᠨ ᠠᠵᠢᠯᠲᠠᠨ ᠪᠦᠬᠦᠨ ᠢᠶᠠᠷ ᠢᠶᠠᠨ ᠦᠨᠡᠨ ᠨᠡᠷ᠎ᠡ ᠪᠠᠨ ᠬᠡᠷᠡᠭᠯᠡᠬᠦ᠂ ᠪᠣᠯᠪᠠᠰᠤᠷᠠᠯ ᠤᠨ ᠪᠠᠯᠠ ᠮᠥᠩᠭᠦ ᠶᠢ ᠪᠦᠬᠦᠨ ᠢ ᠲᠡᠮᠳᠡᠭᠯᠡᠬᠦ᠂ ᠪᠣᠯᠪᠠᠰᠤᠷᠠᠯ ᠤᠨ ᠶᠠᠪᠤᠴᠠ ᠶᠢ ᠮᠥᠷᠳᠡᠵᠦ ᠪᠣᠯᠬᠤ᠂ ᠪᠣᠯᠪᠠᠰᠤᠷᠠᠯ ᠤᠨ ᠶᠠᠰᠤ ᠴᠢᠨᠠᠷ ᠢ ᠬᠢᠨᠠᠨ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠃
ᠲᠠᠪᠤ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠵᠠᠯᠭᠠᠮᠵᠢ ᠦᠢᠯᠡᠴᠢᠯᠡᠭᠡ ᠶᠢ ᠴᠢᠩᠭᠠᠷᠠᠭᠤᠯᠤᠨ᠎ᠠ᠃ ᠦᠢᠯᠡᠰ ᠴᠣᠭᠴᠠᠯᠠᠬᠤ ᠪᠣᠯᠪᠠᠰᠤᠷᠠᠯ ᠬᠢᠭᠡᠳ ᠦᠢᠯᠡᠰ ᠴᠣᠭᠴᠠᠯᠠᠬᠤ ᠦᠢᠯᠡᠴᠢᠯᠡᠭᠡ ᠶᠢ ᠪᠦᠲᠦᠮᠵᠢᠲᠡᠶ ᠵᠣᠯᠭᠠᠭᠤᠯᠬᠤ ᠪᠠ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠩᠭᠠᠳᠬᠠᠵᠤ᠂ ᠪᠣᠯᠪᠠᠰᠤᠷᠠᠯ ᠳᠤ ᠣᠷᠣᠯᠴᠠᠭᠰᠠᠨ ᠦᠢᠯᠡᠰ ᠴᠣᠭᠴᠠᠯᠠᠭᠴᠢ ᠳᠤ ᠦᠢᠯᠡᠰ ᠡᠷᠬᠢᠯᠡᠬᠦ ᠵᠢᠯᠣᠭᠤᠳᠣᠯᠭ᠎ᠠ᠂ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ᠂ ᠦᠢᠯᠡᠰ ᠴᠣᠭᠴᠠᠯᠠᠬᠤ ᠨᠡᠪᠴᠢᠭᠦᠯᠭᠡ᠂ ᠦᠢᠯᠡᠰ ᠴᠣᠭᠴᠠᠯᠠᠬᠤ ᠳᠠᠳᠤᠯᠭ᠎ᠠ᠂ ᠠᠵᠤ ᠠᠬᠤᠶᠢᠯᠠᠯ ᠤᠨ ᠯᠠᠪᠯᠠᠯᠭ᠎ᠠ ᠵᠡᠷᠭᠡ ᠵᠠᠯᠭᠠᠮᠵᠢ ᠦᠢᠯᠡᠴᠢᠯᠡᠭᠡ ᠶᠢ ᠬᠠᠩᠭᠠᠨ᠎ᠠ᠃ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ᠂ ᠦᠢᠯᠡᠰ ᠴᠣᠭᠴᠠᠯᠠᠬᠤ ᠵᠢᠯᠣᠭᠤᠳᠣᠭᠴᠢ᠂ ᠠᠵᠤ ᠠᠬᠤᠶᠢᠯᠠᠯᠲᠠᠨ᠂ ᠪᠠᠯᠠ ᠣᠷᠣᠭᠤᠯᠤᠭᠴᠢ ᠵᠡᠷᠭᠡ ᠶᠢ ᠰᠢᠩᠭᠡᠭᠡᠨ ᠠᠪᠴᠤ ᠦᠢᠯᠡᠰ ᠴᠣᠭᠴᠠᠯᠠᠬᠤ ᠵᠢᠯᠣᠭᠤᠳᠣᠭᠴᠢ ᠪᠠᠭᠰᠢ ᠶᠢᠨ ᠬᠥᠮᠥᠷᠭᠡ ᠪᠠᠶᠢᠭᠤᠯᠵᠤ᠂ ᠦᠢᠯᠡᠰ ᠴᠣᠭᠴᠠᠯᠠᠬᠤ ᠰᠢᠯᠢᠳᠡᠭ ᠵᠢᠯᠣᠭᠤᠳᠣᠭᠴᠢ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠬᠤ ᠶᠢ ᠰᠦᠪᠡᠭᠴᠢᠯᠡᠨ ᠳᠡᠮᠵᠢᠨ᠎ᠡ᠃
5. ᠠᠰᠠᠭᠤᠯᠲᠠ᠄ ᠮᠠᠨ ᠤ ᠣᠷᠣᠨ ᠤ ︽ᠴᠠᠬᠢᠯᠳᠠᠭ ᠲᠥᠯᠥᠪᠯᠡᠭᠡ︾ ᠳᠤ ᠶᠠᠮᠠᠷ ᠶᠠᠮᠠᠷ ᠪᠣᠳᠠᠲᠠᠶ ᠠᠭᠤᠯᠭ᠎ᠠ ᠪᠠ ᠬᠢᠯᠠᠰ ᠴᠡᠭ ᠪᠠᠶᠢᠬᠤ ᠪᠣᠶ︖
ᠬᠠᠷᠢᠭᠤᠯᠲᠠ᠄ ᠨᠢᠭᠡ ᠳᠤ᠂ ᠭᠤᠤᠯᠳᠠᠯᠭ᠎ᠠ ᠲᠠᠢ ᠬᠥᠮᠥᠰ ᠢ ᠨᠢᠭᠡᠨᠲᠡ ᠦᠢᠯᠡᠰ ᠴᠣᠭᠴᠠᠯᠠᠭᠰᠠᠨ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠭᠴᠢᠳ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠦᠭᠦᠳ ᠪᠠ ᠬᠥᠳᠡᠭᠡ ᠲᠣᠰᠬᠤᠨ ᠤ ᠦᠢᠯᠡᠰ ᠴᠣᠭᠴᠠᠯᠠᠵᠤ ᠪᠠᠶᠠᠵᠢᠬᠤ ᠶᠢ ᠳᠠᠭᠠᠭᠤᠯᠤᠭᠴᠢᠳ ᠲᠤ ᠬᠦᠷᠲᠡᠯ᠎ᠡ ᠥᠷᠭᠡᠳᠬᠡᠨ᠎ᠡ᠃ ᠡᠨᠡ ᠬᠡᠳᠦᠨ ᠲᠥᠷᠥᠯ ᠤᠨ ᠬᠥᠮᠦᠰ ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠪᠠᠯ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠲᠠᠩᠰᠠᠨ ᠤ ᠪᠠᠯᠠ ᠮᠥᠩᠭᠦ ᠶᠢᠨ ᠪᠣᠯᠪᠠᠰᠤᠷᠠᠯ ᠤᠨ ᠨᠥᠬᠦᠪᠥᠷᠢ ᠶᠢ ᠭᠥᠷᠳᠡᠵᠦ ᠪᠣᠯᠤᠨ᠎ᠠ᠃ ᠲᠠᠷᠠᠭᠠᠴᠢ ᠶᠢᠨ ᠠᠯᠬᠤᠮ ᠳᠤ ᠪᠢᠳᠡ ᠡᠨᠡ ᠬᠦ ᠲᠥᠷᠥᠯ ᠤᠨ ᠬᠥᠮᠥᠰ ᠤᠨ ᠦᠢᠯᠡᠰ ᠴᠣᠭᠴᠠᠯᠠᠬᠤ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢ ᠲᠣᠭᠲᠠᠪᠤᠷᠢᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠠᠵᠢᠯ ᠣᠯᠣᠯᠲᠠ ᠶᠢ ᠳᠠᠶᠢᠴᠢᠯᠠᠬᠤ ᠶᠢ ᠪᠡᠶᠡᠯᠡᠭᠦᠯᠦᠨ᠎ᠡ᠃
ᠬᠤᠶᠠᠷ ᠲᠤ᠂ ᠮᠡᠷᠭᠡᠵᠢᠯ ᠴᠢᠳᠠᠪᠤᠷᠢ + ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠠᠭᠪᠤᠷ ᠢ ᠰᠦᠪᠡᠭᠴᠢᠯᠡᠵᠦ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠢᠴᠢᠶᠡᠯ ᠢ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠤᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠣᠯᠪᠠᠰᠤᠷᠠᠯ ᠤᠨ ᠠᠵᠢᠯ ᠢ ᠠᠬᠢᠭᠤᠯᠤᠨ᠎ᠠ︔
ᠭᠤᠷᠪᠠ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠵᠢᠯᠣᠭᠤᠳᠬᠤ ᠴᠢᠳᠠᠪᠤᠷᠢ ᠶᠢ ᠴᠢᠬᠤᠯᠠᠴᠢᠯᠠᠨ ᠳᠡᠭᠡᠭᠰᠢᠯᠡᠭᠦᠯᠦᠨ᠎ᠡ᠃ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠬᠥᠮᠥᠷᠭᠡ ᠪᠠ ᠵᠢᠯᠣᠭᠤᠳᠣᠭᠴᠢ ᠪᠠᠭᠰᠢ ᠶᠢᠨ ᠬᠥᠮᠥᠷᠭᠡ ᠶᠢ ᠪᠠᠶᠢᠭᠤᠯᠬᠤ ᠶᠢᠨ ᠬᠠᠮᠲᠤ ᠦᠢᠯᠡᠰ ᠴᠣᠭᠴᠠᠯᠠᠬᠤ ᠪᠣᠯᠪᠠᠰᠤᠷᠠᠯ ᠤᠨ ᠰᠢᠯᠢᠳᠡᠭ ᠪᠠᠭᠰᠢ᠂ ᠦᠢᠯᠡᠰ ᠴᠣᠭᠴᠠᠯᠠᠬᠤ ᠵᠢᠯᠣᠭᠤᠳᠣᠭᠴᠢ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠬᠤ ᠶᠢ ᠵᠣᠷᠢᠭᠵᠢᠭᠤᠯᠤᠨ᠎ᠠ᠃
ᠳᠥᠷᠪᠡ ᠳᠤ᠂ ︽ᠴᠠᠬᠢᠯᠳᠠᠭ ᠪᠥᠬᠦ ᠤᠯᠤᠰ ᠤᠨ ᠦᠢᠯᠡᠰ ᠴᠣᠭᠴᠠᠯᠠᠬᠤ ᠪᠣᠯᠪᠠᠰᠤᠷᠠᠯ ᠤᠨ ᠯᠧᠺᠲ᠋ᠣᠷ ᠤᠨ ᠤᠷᠤᠯᠳᠤᠭᠠᠨ︾ ᠢ ᠦᠷᠭᠦᠯᠵᠢᠯᠡᠨ ᠵᠣᠬᠢᠶᠠᠨ ᠪᠠᠶᠢᠭᠤᠯᠬᠤ ᠶᠢᠨ ᠬᠠᠮᠲᠤ ᠦᠢᠯᠡᠰ ᠴᠣᠭᠴᠠᠯᠠᠬᠤ ᠪᠣᠯᠪᠠᠰᠤᠷᠠᠯ ᠤᠨ ᠠᠵᠢᠯ ᠤᠨ ᠨᠠᠷᠠᠲᠤ ᠲᠡᠮᠳᠡᠭ ᠤᠨ ᠠᠵᠢᠯᠯᠠᠭ᠎ᠠ ᠪᠣᠯᠭᠠᠵᠤ᠂ ᠮᠡᠷᠭᠡᠵᠢᠯ ᠢᠶᠠᠨ ᠬᠤᠪᠢᠶᠠᠯᠴᠠᠨ᠂ ᠲᠤᠷᠰᠢᠯᠭ᠎ᠠ ᠪᠠᠨ ᠰᠣᠯᠢᠯᠴᠠᠵᠤ᠂ ᠪᠦᠲᠦᠭᠡᠯ ᠢᠶᠠᠨ ᠳᠡᠯᠭᠡᠨ ᠦᠵᠡᠭᠦᠯᠵᠦ᠂ ᠠᠵᠢᠯ ᠢᠶᠠᠨ ᠳᠠᠶᠢᠴᠢᠯᠠᠨ᠎ᠠ᠃
ᠲᠠᠪᠤ ᠳᠤ᠂ ᠡᠯ᠎ᠡ ᠲᠥᠷᠥᠯ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠪᠠ ᠦᠢᠯᠡᠰ ᠴᠣᠭᠴᠠᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠡᠭᠦᠨ ᠤ ᠬᠠᠮᠲᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠨᠢᠭᠡ ᠪᠦᠯᠦᠭ ᠦᠢᠯᠡᠰ ᠴᠣᠭᠴᠠᠯᠠᠬᠤ ᠪᠣᠯᠪᠠᠰᠤᠷᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠤᠶᠢᠵᠢᠭᠤᠯᠤᠨ ᠬᠥᠭᠵᠢᠭᠦᠯᠦᠨ᠎ᠡ᠃
6. ᠠᠰᠠᠭᠤᠯᠲᠠ᠄ ︽ᠴᠠᠬᠢᠯᠳᠠᠭ ᠲᠥᠯᠥᠪᠯᠡᠭᠡ︾ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠶᠠᠮᠠᠷ ᠶᠠᠮᠠᠷ ᠠᠵᠢᠯ ᠤᠨ ᠱᠠᠭᠠᠷᠳᠠᠯᠭ᠎ᠠ ᠲᠠᠢ ᠪᠤᠶ︖
ᠬᠠᠷᠢᠭᠤᠯᠲᠠ᠄ ᠨᠢᠭᠡ ᠳᠤ᠂ ᠬᠡᠷᠡᠭᠵᠢᠭᠦᠯᠦᠯᠲᠡ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠪᠦᠬᠦᠯᠢ ᠴᠣᠭᠴᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠢᠨᠠᠯᠲᠠ ᠵᠢᠯᠣᠭᠤᠳᠤᠯᠭ᠎ᠠ ᠪᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠦᠢᠯᠡᠰ ᠴᠣᠭᠴᠠᠯᠠᠬᠤ ᠪᠣᠯᠪᠠᠰᠤᠷᠠᠯ ᠤᠨ ᠬᠢᠴᠢᠶᠡᠯ ᠪᠠ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠳᠤ ᠭᠠᠷᠴᠠᠭ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠭᠠᠵᠠᠷ ᠨᠢ ᠦᠢᠯᠡᠰ ᠴᠣᠭᠴᠠᠯᠠᠬᠤ ᠪᠣᠯᠪᠠᠰᠤᠷᠠᠯ ᠤᠨ ᠬᠢᠴᠢᠶᠡᠯ ᠪᠠ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠶᠢᠨ ᠭᠠᠷᠴᠠᠭ ᠢ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ︽ᠴᠠᠬᠢᠯᠳᠠᠭ ᠲᠥᠯᠥᠪᠯᠡᠭᠡ︾ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃
ᠬᠤᠶᠠᠷ ᠲᠤ᠂ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ︽ᠴᠠᠬᠢᠯᠳᠠᠭ ᠲᠥᠯᠥᠪᠯᠡᠭᠡ︾ ᠳᠤ ᠦᠢᠯᠡᠰ ᠴᠣᠭᠴᠠᠯᠠᠬᠤ ᠪᠣᠯᠪᠠᠰᠤᠷᠠᠯ ᠤᠨ ᠨᠥᠬᠦᠪᠥᠷᠢ ᠶᠢᠨ ᠵᠠᠷᠤᠳᠠᠯ ᠢ ᠠᠵᠢᠯ ᠣᠯᠭᠤᠯᠲᠠ ᠶᠢᠨ ᠨᠥᠬᠦᠪᠥᠷᠢ ᠶᠢᠨ ᠪᠠᠯᠠ ᠮᠥᠩᠭᠦ ᠪᠤᠶᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠲᠠᠩᠰᠠᠨ ᠤ ᠪᠠᠯᠠ ᠮᠥᠩᠭᠦ ᠠᠴᠠ ᠵᠣᠬᠢᠰᠲᠠᠶ ᠪᠠᠷ ᠨᠢᠭᠡᠳᠦᠯᠲᠡᠶ ᠲᠥᠯᠥᠪᠯᠡᠵᠦ ᠳᠣᠭᠢᠷᠠᠭᠤᠯᠤᠨ᠎ᠠ ᠭᠡᠵᠦ ᠲᠣᠳᠣᠷᠬᠠᠶ ᠵᠢᠭᠠᠵᠤ ᠭᠠᠷᠭᠠᠪᠠ᠃ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠳᠠᠩᠰᠠᠨ ᠤ ᠪᠠᠯᠠ ᠮᠥᠩᠭᠦ ᠶᠢ ᠤᠷᠢᠳ ᠢᠶᠠᠷ ᠬᠡᠷᠡᠭᠯᠡᠨ᠎ᠡ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠯᠪᠠᠰᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠨᠢ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠰᠦᠯᠵᠢᠶᠡᠨ ᠳᠡᠭᠡᠷᠡᠬᠢ ᠦᠢᠯᠡᠰ ᠴᠣᠭᠴᠠᠯᠠᠬᠤ ᠪᠣᠯᠪᠠᠰᠤᠷᠠᠯ᠂ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ᠂ ᠬᠠᠮᠢᠶᠠᠷᠤᠯᠲᠠ ᠶᠢᠨ ᠲᠠᠪᠴᠠᠩ ᠢ ᠨᠡᠭᠡᠭᠡᠨ ᠬᠥᠭᠵᠢᠭᠦᠯᠬᠦ ᠵᠡᠷᠭᠡ ᠰᠠᠭᠤᠷᠢ ᠠᠵᠢᠯ ᠳᠤ ᠵᠠᠷᠤᠳᠠᠯ ᠤᠨ ᠳᠡᠮᠵᠢᠯᠭᠡ ᠦᠵᠡᠭᠦᠯᠵᠦ ᠪᠣᠯᠤᠨ᠎ᠠ᠃ ᠡᠯ᠎ᠡ ᠭᠠᠵᠠᠷ ᠤᠨ ᠬᠢᠨ ᠪᠡᠯᠡ ᠮᠥᠩᠭᠦᠨ ᠤ ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠵᠦ᠂ ᠬᠡᠷᠡᠭᠯᠡᠯᠲᠡ ᠶᠢᠨ ᠠᠮᠤᠷ ᠲᠦᠪᠰᠢᠨ ᠢ ᠪᠠᠲᠤᠯᠠᠵᠤ᠂ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃
ᠭᠤᠷᠪᠠ ᠳᠤ᠂ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠭᠠᠵᠠᠷ ᠤᠨ ᠬᠢᠨ ︽ᠴᠠᠬᠢᠯᠳᠠᠭ ᠲᠥᠯᠥᠪᠯᠡᠭᠡ︾ ᠶᠢᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠴᠠᠬᠢᠯᠳᠠᠭ ᠦᠢᠯᠡᠰ ᠴᠣᠭᠴᠠᠯᠠᠬᠤ ᠪᠣᠯᠪᠠᠰᠤᠷᠠᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢᠴᠢᠳ ᠤᠨ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ︔ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢ ᠪᠠ ᠲᠠᠪᠴᠠᠩ ᠢ ᠢᠳᠡᠪᠬᠢᠲᠡᠶ ᠪᠠᠷ ᠬᠡᠷᠡᠭᠯᠡᠨ᠂ ᠨᠡᠶᠢᠲᠡᠯᠢᠭ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠠᠵᠢᠯ ᠤᠨ ᠲᠤᠷᠰᠢᠯᠭ᠎ᠠ ᠪᠠᠨ ᠰᠣᠯᠢᠯᠴᠠᠵᠤ᠂ ᠦᠢᠯᠡᠰ ᠴᠣᠭᠴᠠᠯᠠᠬᠤ ᠪᠠᠷ ᠠᠵᠢᠯ ᠣᠯᠣᠯᠲᠠ ᠶᠢ ᠳᠠᠶᠢᠴᠢᠯᠠᠬᠤ ᠠᠵᠢᠯ ᠢ ᠭᠦᠨᠵᠡᠭᠡᠶ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃