ᠬᠥᠯᠥᠨ ᠪᠤᠶᠢᠷ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ ᠡᠮᠦᠨᠡᠬᠢ ᠬᠤᠭᠤᠴᠠᠭᠠᠨ ᠤ ᠥᠷᠨᠢᠭᠦᠯᠦᠭᠰᠡᠨ ᠤᠶᠤᠨ ᠤ | ᠪᠣᠯᠪᠠᠰᠤᠨ ᠤ ᠬᠤᠲᠠ ᠶᠢ ᠡᠭᠦᠳᠦᠨ ᠪᠠᠶᠢᠭᠤᠯᠬᠤ ᠲᠤᠬᠠᠢ ᠠᠷᠠᠳ ᠤᠨ ᠰᠠᠨᠠᠯ ᠤᠨ ᠪᠠᠶᠢᠴᠠᠭᠠᠯᠲᠠ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ | ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠳᠤ ᠰᠠᠨᠠᠯ ᠬᠤᠷᠢᠶᠠᠬᠤ ᠪᠠᠷ ᠳᠠᠮᠵᠢᠨ᠂ ᠳᠠᠭᠠᠭᠠᠴᠢᠯᠠᠨ ᠬᠠᠷᠢᠯᠴᠠᠵᠤ ᠬᠠᠮᠲᠤ ᠪᠠᠷ | ᠪᠠᠶᠢᠭᠤᠯᠤᠭᠰᠠᠨ ᠯᠣᠤ ᠯᠢᠦᠶ ᠪᠥᠸᠧ ᠰᠠᠭᠤᠭᠠᠯᠢ ᠲᠣᠭᠤᠷᠢᠭ ᠤᠨ ᠭᠡᠷᠡᠯᠲᠦᠭᠦᠯᠭᠡ ᠶᠢᠨ ᠲᠥᠬᠦᠭᠡᠷᠦᠮᠵᠢ ᠭᠦᠢᠴᠡᠳ ᠥᠬᠡᠶ᠂ ᠣᠯᠠᠨ ᠲᠦᠮᠡᠨ ᠤ ᠰᠥᠨᠢ ᠪᠠᠷ ᠭᠠᠳᠠᠭᠰᠢ | ᠭᠠᠷᠬᠤ ᠳᠤ ᠲᠦᠢᠯ ᠤᠨ ᠳᠥᠭᠦᠮ ᠦᠭᠡᠢ ᠵᠡᠷᠭᠡ ᠠᠰᠠᠭᠤᠳᠠᠯ ᠢ ᠣᠯᠵᠤ ᠮᠡᠳᠡᠭᠰᠡᠨ ᠪᠠᠶᠢᠨ᠎ᠠ᠃ | ᠤᠶᠤᠨ ᠤ ᠪᠣᠯᠪᠠᠰᠤᠨ ᠤ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠳᠤᠮᠳᠠ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠡᠨᠡ ᠬᠦ | ᠠᠰᠠᠭᠤᠳᠠᠯ ᠢ ᠬᠡᠷᠬᠢᠨ ᠰᠢᠢᠳᠪᠦᠷᠢᠯᠡᠬᠦ ᠨᠢ ᠬᠥᠯᠥᠨ ᠪᠤᠶᠢᠷ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠶᠤᠨ ᠤ ᠪᠣᠯᠪᠠᠰᠤᠨ ᠤ ᠬᠤᠲᠠ ᠶᠢ | ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠤᠢᠢᠷ᠎ᠠ ᠶᠢᠨ ᠬᠤᠭᠤᠴᠠᠭᠠᠨ ᠤ ᠠᠵᠢᠯ ᠤᠨ ᠭᠤᠣᠯᠳᠠᠯᠭ᠎ᠠ ᠪᠣᠯᠵᠠᠢ᠃ | ᠣᠶᠢᠷ᠎ᠠ ᠳᠤ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠣᠳᠠᠲᠠᠶ ᠶᠠᠪᠤᠳᠠᠯ ᠬᠢᠬᠦ︾ | ᠠᠵᠢᠯᠯᠠᠭ᠎ᠠ ᠪᠠᠷ ᠭᠠᠷᠳᠠᠯ ᠪᠣᠯᠭᠠᠵᠤ᠂ ᠠᠷᠠᠳ ᠤᠨ ᠠᠮᠢᠳᠤᠷᠠᠯ ᠤᠨ ᠡᠨᠡ ᠬᠦ ᠵᠦᠢᠯᠡᠰ ᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ | ᠨᠡᠶᠢᠲᠡ 10 ᠨᠡᠷᠡᠨ ᠡᠨᠧᠷᠭᠢ ᠶᠢᠨ ᠵᠠᠮ ᠤᠨ ᠳ᠋ᠧᠩ ᠬᠤᠳᠠᠯᠳᠤᠨ ᠠᠪᠤᠭᠰᠠᠨ ᠪᠥᠭᠡᠳ ᠪᠠᠷᠢᠯᠭ᠎ᠠ ᠶᠢᠨ ᠠᠩᠭᠢ ᠳᠤ ᠨᠠᠶᠢᠳᠠᠵᠤ ᠤᠭᠰᠠᠷᠠᠭᠤᠯᠤᠭᠰᠠᠨ ᠪᠠᠶᠢᠨ᠎ᠠ᠃ | ᠣᠳᠣᠬᠠᠨ ᠳᠤ 10 ᠵᠠᠮ ᠤᠨ ᠳ᠋ᠧᠩ ᠢ ᠪᠦᠬᠦᠨ ᠢ ᠠᠮᠤᠷ ᠲᠦᠪᠰᠢᠨ ᠤᠭᠰᠠᠷᠠᠭᠰᠠᠨ ᠪᠥᠭᠡᠳ ᠤᠷᠤᠭᠰᠢᠲᠠᠶ ᠪᠠᠷ ᠴᠠᠬᠢᠯᠭᠠᠨ ᠨᠡᠪᠲᠡᠷᠡᠭᠦᠯᠵᠡᠶ᠃ |