ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠲᠡᠬᠦᠰᠪᠡ  ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ
ᠨᠡᠶᠢᠲᠡᠯᠡᠭᠰᠡᠨ ᠴᠠᠭ᠄
2021/9/30
      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠡᠯ᠎ᠠ ᠲᠦᠷᠦᠯ ᠤᠨ ᠵᠦᠪᠯᠡᠬᠦ ᠵᠦᠢᠯᠡᠰ ᠢᠶᠠᠨ ᠠᠮᠵᠢᠯᠳᠠ ᠲᠠᠢ ᠵᠦᠪᠯᠡᠨ ᠲᠠᠭᠤᠰᠬᠠᠵᠤ᠂ 9 ᠰᠠᠷ᠎ᠠ ᠶᠢᠨ 29 ᠤ ᠦᠳᠡ ᠶᠢᠨ ᠡᠮᠦᠨ᠎ᠠ ᠲᠡᠬᠦᠰᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ᠃
1.jpg
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢᠶᠠᠨ ᠰᠤ᠋᠂ ᠵᠠᠩ ᠶᠤᠸᠠᠨ ᠵᠥᠩ ᠪᠣᠯᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠶ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠪᠠ ᠠᠶᠢᠮᠠᠭ ᠤᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠬᠰᠠᠨ ᠬᠤᠲᠠ᠂ ᠲᠥᠯᠥᠪᠯᠡᠭᠡ ᠳᠤ ᠲᠤᠰᠠᠭᠠᠷ ᠵᠢᠬᠰᠠᠭᠠᠬᠰᠠᠨ ᠬᠤᠲᠠ ᠪᠠ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃       ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠲᠣ 63 ᠪᠦᠷᠢᠯᠳᠦᠬᠦᠨ ᠲᠠᠢ᠂ 52 ᠬᠥᠮᠦᠨ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
2.jpg
      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠴᠢ ᠶᠢᠨ ᠲᠦᠷᠢᠮ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠲᠦᠷᠢᠮ﹀ ᠵᠡᠷᠭᠡ ᠣᠷᠣᠨ ᠨᠤᠲᠤᠭ ᠤᠨ ᠴᠢᠨᠠᠷᠲᠠᠶ 2 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠪᠠᠲᠤᠯᠠᠪᠠ᠃      ᠬᠤᠷᠠᠯ ᠠᠴᠠ ︽︿ᠤᠷᠳᠤᠰ ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠵᠡᠷᠭᠡ ᠣᠷᠣᠨ ᠨᠤᠲᠤᠭ ᠤᠨ ᠴᠢᠨᠠᠷᠲᠠᠢ 5 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ﹀ ᠢ ᠵᠥᠪᠰᠢᠶᠡᠷᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ︾᠂ ︽︿ᠤᠷᠳᠤᠰ ᠬᠤᠳᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠲᠦᠷᠢᠮ﹀ ᠢ ᠵᠥᠪᠰᠢᠶᠡᠷᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ︾ ᠶᠢ ᠪᠠᠲᠤᠯᠠᠪᠠ᠃       ᠬᠤᠷᠠᠯ ᠠᠴᠠ ︽ᠨᠠᠢᠮᠠᠳᠤᠭᠠᠷ ᠲᠠᠪᠤᠨ ᠵᠢᠯ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠶᠳᠪᠦᠷᠢ︾ ᠶᠢ ᠪᠠᠲᠤᠯᠠᠪᠠ᠃       ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠶᠯᠡᠰ ᠢ ᠪᠠᠲᠤᠯᠠᠪᠠ᠃       ᠱᠢ ᠲᠠᠢ ᠹᠧᠩ ᠴᠠᠩ ᡁᠢ ᠭᠠᠩ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃       ᠴᠠᠩ ᡁᠢ ᠭᠠᠩ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠬᠯᠠᠪᠠ᠃       ᠬᠤᠷᠠᠯ ᠠᠴᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠳᠦᠷᠢᠮ︾ ᠢ ᠲᠣᠭᠲᠠᠭᠠᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠵᠤ᠂ ᠬᠠᠮᠢᠶ᠎ᠠ ᠪᠥᠬᠦᠶ ᠬᠠᠤᠯᠢ ᠲᠣᠭᠲᠠᠭᠠᠯ ᠢ ᠬᠦᠴᠦᠨ ᠥᠬᠡᠶ ᠪᠣᠯᠭᠠᠬᠤ ᠠᠵᠢᠯ ᠢ ᠵᠡᠷᠭᠡ ᠳᠤᠨᠢ ᠰᠠᠶᠢᠲᠤᠷ ᠬᠢᠬᠦ ᠨᠢ ᠥᠪᠡᠷᠲᠡᠭᠡᠨ ᠵᠠᠰᠠᠬᠤ ᠣᠷᠣᠨ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠦᠨᠳᠦᠰᠦᠲᠡᠨ ᠤ ᠬᠦᠷᠢᠶᠡᠨ ᠳᠠᠬᠢ ᠬᠠᠤᠯᠢ ᠲᠣᠭᠲᠠᠭᠠᠬᠤ ᠠᠵᠢᠯ ᠤᠨ ᠵᠥᠷᠢᠶ᠎ᠡ ᠶᠢ ᠵᠠᠯᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠴᠢᠨᠠᠭᠰᠢᠳᠠ ᠪᠠᠲᠤ ᠴᠣᠭᠴᠠᠯᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠪᠦᠬᠦᠢ ᠬᠠᠤᠯᠢᠵᠢᠯ ᠤᠨ ᠪᠠᠲᠤᠯᠠᠭ᠎ᠠ ᠬᠠᠩᠭᠠᠬᠤ ᠪᠤᠯᠤᠨ᠎ᠠ᠃ ᠪᠥᠬᠦ ᠣᠷᠣᠨ ᠳᠠᠶᠠᠭᠠᠷ ᠢᠶᠠᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠤᠪᠤᠷ ᠢᠶᠠᠨ ᠦᠨᠡᠨ ᠬᠦ ᠴᠢᠩᠭᠠᠳᠬᠠᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠶᠠᠷ ᠬᠠᠤᠯᠢ ᠲᠣᠭᠲᠠᠭᠠᠯ ᠢ ᠰᠠᠶᠢᠲᠤᠷ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠰᠠᠶᠢᠳᠤᠷ ᠠᠳᠬᠤᠵᠤ᠂ ᠡᠯ᠎ᠡ ᠵᠦᠶᠯ ᠤᠨ ᠡᠭᠦᠷᠭᠡ ᠶᠢ ᠨᠠᠷᠢᠯᠢᠭ ᠪᠣᠳᠠᠲᠠᠶ ᠠᠳᠬᠤᠵᠤ᠂ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠵᠥᠪ ᠣᠨᠣᠪᠴᠢᠲᠠᠶ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠬᠤᠷᠠᠯ ᠠᠴᠠ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠴᠢᠨᠠᠭᠰᠢᠳᠠ ᠲᠡᠭᠦᠯᠳᠡᠷᠵᠢᠭᠦᠯᠵᠦ᠂ ᠬᠠᠤᠯᠢ ᠲᠦᠭᠡᠮᠡᠯᠵᠢᠭᠦᠯᠬᠦ ᠠᠵᠢᠯ ᠤᠨ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢᠵᠢᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠬᠡᠷᠡᠭᠲᠡᠶ᠃ ᠨᠡᠩ ᠶᠡᠭᠡ ᠡᠷᠴᠢ ᠵᠣᠷᠢᠭ ᠢᠶᠠᠷ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠶᠢᠵᠢᠬᠦᠯᠬᠦ ᠴᠢᠭᠯᠡᠯ ᠢ ᠤᠨᠢᠯᠠᠵᠤ᠂ ᠨᠡᠬᠡᠬᠡᠯᠳᠡ ᠬᠢᠵᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠰᠢᠨ᠎ᠡ ᠶᠢ ᠡᠭᠦᠳᠴᠤ᠂ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠣᠨᠴᠠᠯᠢᠭ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠴᠢᠷᠮᠠᠶᠢᠨ ᠵᠠᠮᠨᠠᠬᠤ ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠰᠠᠨ ᠲᠤᠬᠠᠢ ᠮᠡᠳᠡᠭᠦᠯᠦᠯᠲᠡ ᠳᠤ ᠳᠤᠷᠠᠳᠤᠭᠰᠠᠨ ᠰᠠᠨᠠᠭᠤᠯᠭ᠎ᠠ ᠶᠢ ᠬᠢᠨᠠᠮᠠᠭᠠᠢ ᠰᠤᠳᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠬᠠᠤᠯᠢ ᠬᠡᠷᠡᠭᠵᠢᠭᠦᠯᠦᠯᠲᠡ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠡᠷᠡᠰ ᠵᠠᠯᠠᠷᠠᠭᠤᠯᠵᠤ᠂ ᠲᠥᠪ ᠭᠤᠣᠯᠴᠢ ᠰᠢᠳᠤᠷᠭᠤ ᠶᠣᠰᠣᠨ ᠤ ᠬᠠᠤᠯᠢᠵᠢᠯ ᠤᠨ ᠣᠷᠴᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠪᠠ᠃       ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠨᠢ ᠴᠢᠨᠠᠷ ᠰᠠᠶᠢᠲᠠᠢ ᠲᠦᠷᠦᠯ ᠵᠦᠢᠯ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠠᠵᠤ ᠦᠶᠯᠡᠰ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠢᠮᠠᠭᠲᠠ ᠴᠢᠩᠭ᠎ᠠ ᠠᠳᠬᠤᠵᠤ᠂ ᠭᠠᠵᠠᠷ ᠣᠷᠣᠨ ᠤ ᠪᠣᠳᠠᠲᠤ ᠪᠠᠶᠢᠳᠠᠯ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠶᠡᠭᠡ᠂ ᠭᠤᠤᠯᠯᠠᠬᠤ ᠥᠷᠢᠰᠥᠯᠳᠦᠬᠡᠨ ᠤ ᠬᠦᠴᠦᠨ ᠢᠶᠠᠷ ᠴᠢᠩᠭ᠎ᠠ ᠠᠵᠤ ᠦᠶᠯᠡᠰ ᠤᠨ ᠲᠥᠷᠥᠯ ᠵᠦᠶᠯ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠰᠢᠭᠲᠠᠶ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠳᠤ ᠠᠰᠢᠭᠲᠠᠶ ᠠᠵᠤ ᠦᠶᠯᠡᠰ ᠤᠨ ᠲᠥᠷᠥᠯ ᠵᠦᠶᠯ ᠢ ᠴᠥᠮ ᠢᠳᠡᠪᠬᠢᠲᠡᠶ ᠣᠷᠣᠭᠤᠯᠤᠨ ᠠᠪᠴᠢᠷᠠᠵᠤ᠂ ᠨᠤᠳᠤᠬᠰᠢᠭᠤᠯᠵᠦ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠪᠤᠬᠢᠷᠳᠤᠯ ᠶᠡᠬᠡᠳᠡᠢ ᠡᠨᠧᠷᠬᠢ ᠶᠢᠨ ᠬᠤᠷᠤᠭᠳᠠᠭᠤᠯᠤᠯ ᠶᠡᠬᠡᠳᠡᠢ ᠲᠥᠷᠥᠯ ᠵᠦᠶᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠬᠯᠠᠵᠤ᠂ ᠨᠢᠭᠡ ᠪᠦᠯᠦᠭ ᠰᠢᠨ᠎ᠠ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶ᠎ᠠ ᠶᠢᠨ ᠭᠦᠭᠵᠢᠯᠳᠠ ᠶᠢᠨ ᠲᠦᠷᠦᠯ ᠵᠦᠢᠯ ᠢ ᠲᠦᠷᠭᠡᠳᠭᠡᠨ ᠪᠠᠶᠢᠷᠢᠰᠢᠭᠤᠯᠵᠤ᠂ ᠡᠨᠧᠷᠭᠢ ᠶᠢᠨ ᠪᠦᠲᠦᠴᠡ ᠶᠢᠨ ᠲᠤᠬᠢᠷᠠᠭᠤᠯᠤᠯᠳᠠ ᠶᠢ ᠶᠡᠭᠡ ᠪᠠᠷ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠠᠶᠢᠵᠢᠷᠠᠭᠤᠯᠬᠤ ᠶᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠦᠢᠯ ᠤᠨ ᠴᠢᠬᠤᠯᠠ ᠵᠦᠶᠯ ᠪᠣᠯᠭᠠᠵᠤ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ ᠪᠣᠭᠤᠮᠲᠠ ᠰᠢᠪᠲᠤᠯᠤᠨ ᠬᠠᠷᠰᠢ ᠰᠠᠭᠠᠳ ᠢ ᠢᠯᠡᠨ ᠲᠠᠪᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠦᠨᠳᠦᠰᠦᠨ ᠣᠯᠠᠨ ᠨᠡᠶᠢᠲᠡ ᠶᠢᠨ ᠦᠶᠯᠡᠴᠢᠯᠡᠭᠡ ᠶᠢ ᠲᠡᠩᠴᠡᠭᠦᠷᠢᠰᠢᠭᠦᠯᠬᠦ ᠶᠢ ᠲᠦᠷᠭᠡᠳᠬᠡᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ