ᠣᠶᠢᠷ᠎ᠠ ᠳᠤ᠂ ᠪᠠᠶᠠᠨᠨᠠᠭᠤᠷ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠡᠷᠬᠢᠯᠡᠭᠴᠢ ᠯᠢᠦ ᠳ᠋ᠦᠩ ᠺᠦᠶ ᠨᠡᠶᠢᠳᠡᠮ ᠪᠠᠶᠢᠴᠠᠭᠠᠯᠲᠠ ᠶᠢᠨ | ᠠᠵᠢᠯ ᠳᠤ ᠮᠡᠷᠭᠡᠵᠢᠯ ᠤᠨ ᠵᠠᠳᠠᠯᠤᠯᠲᠠ ᠬᠢᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠠᠴᠠ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ | ᠪᠠᠶᠢᠳᠠᠯ ᠵᠢᠴᠢ ᠣᠷᠣᠰᠢᠵᠤ ᠪᠠᠶᠢᠭ᠎ᠠ ᠳᠤᠲᠠᠭᠤᠳᠠᠯ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ | ᠵᠢᠯᠣᠭᠤᠳᠴᠤ ᠢᠯᠡᠷᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ | ᠪᠠᠶᠢᠷᠢᠯᠠᠭᠤᠯᠵᠠᠢ᠃ | ᠬᠤᠷᠠᠯ ᠠᠴᠠ ᠵᠢᠭᠠᠬᠤ ᠳᠤ ᠪᠠᠨ᠂ ᠪᠠᠶᠠᠨᠨᠠᠭᠤᠷ ᠬᠤᠳᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠨᠢ ᠬᠡᠳᠦ᠋ᠢᠪᠡᠷ ᠥᠪᠡᠷᠲᠡᠭᠡᠨ ᠵᠠᠰᠠᠬᠤ ᠣᠷᠣᠨ ᠤ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠨᠤᠲᠠᠯᠠᠯᠲᠠ ᠶᠢ ᠣᠯᠤᠭᠰᠠᠨ ᠪᠣᠯᠪᠠᠴᠤ ᠪᠠᠰᠠ ᠵᠣᠬᠢᠬᠤ ᠳᠤᠲᠠᠭᠤᠳᠠᠯ ᠪᠠ ᠠᠰᠠᠭᠤᠳᠠᠯ ᠣᠷᠣᠰᠢᠵᠤ ᠪᠤᠢ᠃ ᠡᠭᠦᠨ ᠳᠤ | ᠪᠢᠳᠡ ᠰᠡᠷᠭᠡᠭ ᠪᠠᠶᠢᠬᠤ ᠬᠡᠷᠡᠭᠲᠡᠶ᠂ ᠰᠣᠬᠤᠷ ᠪᠠᠯᠠᠶ ᠪᠠᠷ ᠪᠠᠶᠠᠷᠯᠠᠵᠤ ᠪᠣᠯᠬᠤ ᠦᠭᠡᠢ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠠᠷᠭ᠎ᠠ ᠪᠠᠨ | ᠥᠭᠡᠷᠡᠴᠢᠯᠡᠨ ᠰᠠᠶᠢᠵᠢᠷᠠᠭᠤᠯᠵᠤ᠂ ᠦᠨᠡᠨ ᠬᠦ ᠶᠠᠪᠤᠭᠳᠠᠭᠤᠰᠢᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠮᠠᠨ ᠤ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠲᠦᠯᠬᠢᠨ ᠠᠬᠢᠭᠤᠯᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠨᠢᠭᠡ ᠳᠤ᠂ ᠣᠳᠣᠬᠢ ᠱᠠᠲᠤᠨ ᠤ ᠠᠵᠢᠯ ᠤᠨ ᠣᠨᠴᠠᠯᠢᠭ ᠲᠠᠢ ᠤᠶᠠᠯᠳᠤᠭᠤᠯᠵᠤ᠂ ᠠᠰᠠᠭᠤᠳᠠᠯ ᠪᠣᠯᠤᠨ | ᠲᠤᠷᠰᠢᠯᠭ᠎ᠠ ᠶᠢ ᠴᠠᠭ ᠲᠤᠬᠠᠢ ᠳᠤ ᠨᠢ ᠡᠮᠬᠢᠯᠡᠨ ᠳ᠋ᠦᠩᠨᠡᠵᠦ᠂ ᠠᠰᠠᠭᠤᠳᠠᠯ ᠲᠤᠯᠭᠠᠷᠠᠪᠠᠯ ᠤᠯᠠᠨ ᠤ ᠣᠶᠣᠨ ᠤᠬᠠᠭᠠᠨ ᠢ ᠲᠥᠪᠯᠡᠷᠡᠭᠦᠯᠵᠦ᠂ ᠡᠯ᠎ᠡ ᠲᠠᠯ᠎ᠠ ᠶᠢᠨ | ᠬᠦᠴᠦᠨ ᠢ ᠵᠣᠬᠢᠴᠠᠭᠤᠯᠤᠨ ᠰᠢᠢᠳᠪᠦᠷᠢᠯᠡᠵᠦ᠂ ᠰᠠᠶᠢᠨ ᠲᠤᠷᠰᠢᠯᠭ᠎ᠠ ᠶᠢ ᠴᠢᠳᠠᠮᠠᠭᠠᠢ ᠪᠠᠷ ᠳ᠋ᠦᠩᠨᠡᠵᠦ᠂ ᠨᠡᠪᠳᠡᠷᠡᠳᠡᠯ᠎ᠠ ᠣᠶᠢᠯᠠᠭᠠᠵᠤ ᠬᠡᠷᠡᠭᠯᠡᠬᠦ ᠬᠡᠷᠡᠭᠲᠡᠢ︔ ᠬᠤᠶᠠᠷ ᠲᠤ᠂ | ᠮᠡᠷᠭᠡᠵᠢᠯ ᠢᠶᠠᠷ ᠲᠤᠯᠭᠠᠭᠤᠷᠢᠯᠠᠭᠰᠠᠨ ᠨᠢᠭᠡᠴᠢ ᠨᠦᠭᠦᠳ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠲᠠᠬᠢ ᠮᠡᠷᠭᠡᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠠᠶᠢᠳᠠᠯ ᠢ ᠨᠢᠭᠲᠠ ᠠᠩᠬᠠᠷᠴᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢ ᠴᠠᠭ ᠲᠤᠬᠠᠶ ᠳᠤ ᠨᠢ ᠮᠦᠷᠳᠡᠨ | ᠳᠠᠭᠠᠬᠤ ᠶᠢᠨ ᠬᠠᠮᠲᠤ᠂ ᠪᠤᠰᠤᠳ ᠠᠵᠢᠯ ᠲᠥᠷᠥᠯ ᠤᠨ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠ ᠵᠢᠯᠣᠭᠤᠳᠣᠯᠭ᠎ᠠ ᠪᠠᠨ ᠴᠢᠩᠭᠠᠳᠬᠠᠵᠤ᠂ ᠮᠡᠷᠭᠡᠵᠢᠯ ᠤᠨ | ᠳᠡᠮᠵᠢᠯᠭᠡ ᠪᠠᠨ ᠦᠨᠡᠨ ᠬᠦ ᠪᠣᠳᠠᠲᠠᠶᠢᠵᠢᠭᠤᠯᠬᠤ ᠬᠡᠷᠡᠭᠲᠡᠶ︔ ᠭᠤᠷᠪᠠ ᠳᠤ᠂ ᠮᠡᠷᠭᠡᠵᠢᠯ ᠢᠶᠠᠷ ᠲᠤᠯᠭᠠᠭᠤᠷᠢᠯᠠᠭᠰᠠᠨ ᠨᠢᠭᠡᠴᠢ ᠶᠢᠨ ᠠᠵᠢᠯᠲᠠᠨ ᠤ ᠲᠤᠰᠬᠠᠶ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠯ ᠪᠠ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠨᠡᠶᠢᠳᠡᠮ ᠪᠠᠶᠢᠴᠠᠭᠠᠯᠲᠠ ᠬᠢᠬᠦ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠠᠭ | ᠬᠤᠭᠤᠴᠠᠭ᠎ᠠ᠂ ᠭᠠᠵᠠᠷ ᠣᠷᠣᠨ᠂ ᠬᠡᠯᠪᠡᠷᠢ ᠮᠠᠶ᠋ᠢᠭ ᠢ ᠬᠢᠵᠠᠭᠠᠷᠯᠠᠬᠤ ᠥᠬᠡᠶ ᠪᠠᠶᠢᠬᠤ ᠶᠢ ᠪᠡᠶᠡᠯᠡᠭᠦᠯᠵᠦ᠂ ᠠᠵᠢᠯ ᠥᠷᠨᠢᠭᠦᠯᠬᠦ ᠶᠠᠪᠤᠴᠠ ᠳᠤ ᠲᠤᠯᠭᠠᠷᠠᠭᠰᠠᠨ ᠪᠣᠳᠠᠲᠠᠶ | ᠠᠰᠠᠭᠤᠳᠠᠯ ᠳᠤ ᠴᠠᠭ ᠢᠮᠠᠭᠲᠠ ᠭᠠᠵᠠᠷ ᠪᠣᠯᠭᠠᠨ ᠳᠤ ᠪᠣᠯᠪᠠᠰᠤᠷᠠᠯ ᠬᠢᠵᠦ᠂ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ︔ ᠳᠥᠷᠪᠡ ᠳᠤ᠂ ᠶᠠᠷᠢᠶ᠎ᠠ | ᠬᠡᠯᠡᠯᠴᠡᠭᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠬᠢᠬᠦ ᠤᠬᠠᠭᠤᠯᠭ᠎ᠠ ᠶᠢ ᠣᠯᠠᠨ ᠲᠠᠯ᠎ᠠ ᠪᠠᠷ᠂ ᠣᠯᠠᠨ ᠠᠷᠭ᠎ᠠ ᠵᠠᠮ ᠢᠶᠠᠷ᠂ ᠣᠯᠠᠨ ᠬᠡᠯᠪᠡᠷᠢ ᠪᠠᠷ ᠬᠢᠵᠦ᠂ ᠲᠦᠭᠰᠢᠭᠦᠷᠢ ᠶᠢᠨ | ᠨᠡᠶᠢᠳᠡᠮ ᠪᠠᠶᠢᠴᠠᠭᠠᠯᠲᠠ ᠬᠢᠬᠦ ᠮᠡᠳᠡᠯᠭᠡ ᠶᠢᠨ ᠠᠷᠠᠳ ᠣᠯᠠᠨ ᠤ ᠣᠶᠢᠯᠠᠭᠠᠬᠤ ᠨᠣᠷᠮ᠎ᠠ ᠪᠠ ᠬᠠᠮᠤᠷᠬᠤ ᠬᠡᠪᠴᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ | ᠭᠡᠪᠡ᠃ | ᠪᠠᠶᠠᠨᠨᠠᠭᠤᠷ ᠬᠤᠳᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ᠂ ᠮᠡᠷᠭᠡᠵᠢᠯ ᠢᠶᠠᠷ ᠲᠤᠯᠭᠠᠭᠤᠷᠢᠯᠠᠭᠰᠠᠨ ᠨᠢᠭᠡᠴᠢ ᠶᠢᠨ ᠬᠠᠮᠢᠶ᠎ᠠ ᠪᠦᠬᠦᠢ ᠬᠥᠮᠦᠰ ᠬᠤᠷᠠᠯ ᠳᠤ | ᠣᠷᠣᠯᠴᠠᠪᠠ᠃ |