ᠮᠠᠨ ᠤ ᠣᠷᠣᠨ ᠲᠥᠷᠥ ᠶᠢᠨ ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠰᠢᠭᠤᠷᠬᠠᠢ ᠦᠳᠳᠠᠷ ᠲᠦᠷᠭᠡᠨ ᠥᠷᠨᠢᠭᠦᠯᠪᠡ  ᠸᠠᠩ ᠯᠢ ᠰᠢᠶᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠳᠤ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2021/9/6

      9 ᠰᠠᠷ᠎ᠠ ᠶᠢᠨ 4 ᠤ ᠡᠳᠦᠷ ᠰᠤᠷᠪᠤᠯᠵᠢᠯᠠᠭᠴᠢ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠲᠠᠪᠤᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠲᠡᠷᠡ ᠳᠠᠷᠤᠢ ᠳᠤᠨᠢ ᠴᠣᠬᠤᠯᠠᠪᠤᠷᠢ ᠥᠭᠴᠦ᠂ ᠪᠦᠬᠦ ᠣᠷᠣᠨ ᠤ ᠬᠢᠨ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ ᠬᠡᠷᠡᠭᠲᠡᠢ᠃ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠦᠳᠲᠡᠷ ᠲᠦᠷᠭᠡᠨ ᠪᠠᠶᠢᠷᠢᠯᠠᠭᠤᠯᠵᠤ᠂ ᠡᠷᠡᠰ ᠰᠢᠭᠤᠷᠬᠠᠢ ᠴᠡᠭᠴᠡᠯᠡᠨ ᠰᠠᠶᠢᠵᠢᠷᠠᠭᠤᠯᠬᠤ ᠬᠡᠷᠡᠭᠳᠡᠢ ᠬᠡᠵᠥ ᠱᠠᠭᠠᠷᠳᠠᠪᠠ᠃
      8 ᠰᠠᠷ᠎ᠠ ᠶᠢᠨ 31 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶᠢᠴᠠᠭᠠᠬᠤ︾ ᠲᠠᠪᠴᠠᠩ ᠳᠤ ᠲᠤᠰᠬᠠᠭᠰᠠᠨ ᠣᠯᠠᠨ ᠲᠦᠮᠡᠨ ᠤ ᠠᠰᠠᠭᠤᠳᠠᠯ ᠤᠨ ᠰᠦᠪᠡᠭᠴᠢ ᠳᠤ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠲᠠᠪᠤᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠵᠢᠨᠢᠩ ᠲᠣᠭᠤᠷᠢᠭ ᠲᠤ ᠬᠦᠷᠴᠦ ᠨᠢᠭᠤᠴᠠ ᠪᠠᠷ ᠰᠤᠷᠪᠤᠯᠵᠢᠯᠠᠭᠠᠳ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠨᠢᠩ ᠳᠠᠬᠢ ᠬᠤᠪᠢᠶᠠᠷᠢ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠲᠥᠪ ᠤᠨ ᠬᠡᠷ ᠬᠥᠷᠥᠩᠭᠡ ᠶᠢᠨ ᠦᠨᠡᠮᠯᠡᠯ ᠤᠨ ᠭᠠᠷᠳᠠᠮ ᠭᠦᠢᠴᠡᠳᠬᠡᠬᠦ ᠶᠠᠪᠤᠴᠠ ᠳᠤ ᠳᠡᠩᠰᠡᠯᠡᠨ ᠲᠡᠮᠳᠡᠭᠯᠡᠬᠦ ᠴᠠᠭ ᠨᠢ ᠣᠷᠳᠣ᠂ ᠣᠨᠴᠠ ᠵᠠᠷᠢᠮ ᠠᠵᠢᠯᠲᠠᠨ ᠪᠠ ᠵᠠᠭᠤᠴᠢ ᠪᠠᠶᠢᠭᠤᠯᠤᠮᠵᠢ ᠲᠣᠬᠢᠶᠠᠯ ᠢ ᠠᠰᠢᠬᠯᠠᠨ ᠠᠰᠢᠭ ᠣᠯᠤᠭᠰᠠᠨ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠬᠦᠯᠪᠡ᠃
      ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠵᠠᠷᠯᠠᠨ ᠮᠡᠳᠡᠭᠳᠡᠭᠰᠡᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠪᠠ᠃ ᠤᠯᠠᠭᠠᠨᠴᠠᠪ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠲᠠ ᠲᠣᠭᠤᠷᠢᠭ ᠬᠤᠶᠠᠷ ᠱᠠᠲᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠬᠠᠷᠭᠤᠭᠤᠯᠪᠠ᠃ ︽ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠲᠠᠪᠤᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠲᠥᠰᠦᠯ︾ ᠢ ᠴᠠᠭ ᠲᠤᠬᠠᠶ ᠳᠤᠨᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 6 ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠪᠠ᠃
      ᠣᠳᠣᠬᠠᠨ ᠪᠣᠯᠲᠠᠯ᠎ᠠ᠂ ᠠᠵᠢᠯᠯᠠᠬᠤ ᠳᠤᠭᠤᠶᠢᠯᠠᠩ ᠤᠨ ᠪᠠᠶᠢᠴᠠᠭᠠᠯᠲᠠ ᠬᠢᠵᠦ ᠭᠡᠷᠡᠴᠢ ᠠᠪᠬᠤ᠂ ᠶᠠᠷᠢᠯᠴᠠᠵᠤ ᠬᠢᠨᠠᠨ ᠬᠠᠷᠭᠤᠭᠤᠯᠬᠤ ᠪᠠᠷ ᠳᠠᠮᠵᠢᠭᠠᠳ ᠲᠤᠰᠬᠠᠭᠰᠠᠨ ᠠᠰᠠᠭᠤᠳᠠᠯ ᠢ ᠨᠢᠭᠡᠨᠲᠡ ᠠᠩᠬ᠎ᠠ ᠠᠯᠬᠤᠮ ᠪᠠᠶᠢᠴᠠᠭᠠᠨ ᠳᠣᠲᠣᠯᠠᠪᠠ᠃ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠨᠢᠩ ᠳᠠᠬᠢ ᠬᠤᠪᠢᠶᠠᠷᠢ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠤᠨ ᠡᠷᠬᠢᠯᠡᠭᠴᠢ ᠪᠠ ᠨᠢᠭᠡ ᠠᠵᠢᠯᠲᠠᠨ ᠳᠤ ᠬᠤᠴᠣᠷᠭᠠᠨ ᠠᠪᠬᠤ ᠠᠷᠭ᠎ᠠ ᠬᠡᠮᠵᠢᠶ᠎ᠡ ᠠᠪᠴᠤ᠂ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠪᠠ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ᠂ ᠬᠡᠷᠡᠭ ᠲᠤ ᠬᠤᠯᠪᠣᠭᠳᠠᠭᠰᠠᠨ 9 ᠠᠵᠢᠯᠲᠠᠨ᠂ ᠬᠡᠷ ᠬᠥᠷᠥᠩᠭᠡ ᠶᠢᠨ ᠵᠠᠭᠤᠴᠢ ᠶᠢᠨ ᠬᠠᠷᠢᠭᠤᠴᠠᠯᠭᠠᠲᠠᠨ ᠳᠤ ᠬᠡᠷᠡᠭ ᠪᠣᠯᠭᠠᠨ ᠳᠡᠩᠰᠡᠯᠡᠨ ᠪᠠᠶᠢᠴᠠᠭᠠᠬᠤ ᠪᠠ ᠵᠠᠰᠠᠭ ᠵᠠᠬᠢᠷᠭᠠᠨ ᠤ ᠲᠦᠷ ᠬᠤᠷᠢᠬᠤ ᠠᠷᠭ᠎ᠠ ᠬᠡᠮᠵᠢᠶ᠎ᠡ ᠠᠪᠴᠠᠶ᠃ ᠡᠭᠦᠨ ᠤ ᠬᠠᠮᠲᠤ᠂ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠨᠢᠩ ᠳᠠᠬᠢ ᠬᠤᠪᠢᠶᠠᠷᠢ ᠲᠣᠪᠴᠢᠶ᠎ᠠ ᠪᠣᠯᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠢ ᠭᠠᠷᠳᠠᠮ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠵᠢᠨᠢᠩ ᠲᠣᠭᠤᠷᠢᠭ ᠤᠨ ᠳᠠᠷᠤᠭᠳᠠᠮᠠᠯ ᠳᠠᠩᠰᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠬᠦᠴᠦᠨ ᠢᠶᠠᠨ ᠲᠥᠪᠯᠡᠷᠡᠭᠦᠯᠦᠨ ︽ᠪᠦᠬᠦᠨ ᠢ ᠰᠢᠢᠳᠪᠦᠷᠢᠯᠡᠵᠥ ᠦᠭᠭᠦ︾ ᠠᠵᠢᠯ ᠢ ᠥᠷᠨᠢᠭᠦᠯᠬᠦ ᠶᠢ ᠱᠠᠭᠠᠷᠳᠠᠵᠥ᠂ 9 ᠰᠠᠷ᠎ᠠ ᠶᠢᠨ 2 ᠤᠨ ᠡᠳᠦᠷ ᠳᠠᠷᠤᠬᠳᠠᠵᠥ ᠪᠠᠶᠢᠬᠰᠠᠨ ᠨᠥᠬᠦᠴᠡᠯ ᠳᠤ ᠨᠡᠶᠢᠴᠡᠬᠦ 7 ᠪᠠ 8 ᠳ᠋ᠤᠭᠠᠷ ᠰᠠᠷ᠎ᠠ ᠶᠢᠨ 912 ᠬᠤᠪᠢ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯ ᠢ ᠪᠦᠬᠦᠨ ᠢ ᠭᠦᠢᠴᠡᠳᠬᠡᠵᠦ ᠳᠠᠭᠤᠰᠬᠠᠵᠠᠶ᠃
      ᠡᠭᠦᠨ ᠤ ᠬᠠᠮᠲᠤ᠂ ᠤᠯᠠᠭᠠᠨᠴᠠᠪ ᠬᠤᠲᠠ ᠨᠢ ᠬᠤᠲᠠ ᠶᠢᠨ ᠲᠣᠰ ᠱᠠᠲᠤ ᠪᠠ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠴᠣᠩᠬᠤᠪᠴᠢ ᠨᠢᠭᠡᠴᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠢᠯᠡᠷᠡᠭᠦᠯᠦᠭᠰᠡᠨ ᠠᠰᠠᠭᠤᠳᠠᠯ ᠳᠤ ᠨᠠᠷᠢᠨ ᠳᠠᠩᠰᠠ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠵᠢᠭᠰᠠᠭᠠᠨ ᠪᠠᠶᠢᠴᠠᠭᠠᠵᠤ ᠭᠠᠷᠭᠠᠭᠰᠠᠨ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠥᠮᠦᠰ ᠢ ᠴᠢᠩᠭ᠎ᠠ ᠰᠢᠢᠳᠪᠦᠷᠢᠯᠡᠵᠦ᠂ ᠶᠠᠭᠠᠬᠢᠭᠰᠠᠨ ᠴᠤ ᠢᠯᠳᠠᠷ ᠬᠠᠶᠠᠬᠤ ᠥᠬᠡᠶ᠃ ᠪᠦᠬᠦ ᠬᠤᠲᠠ ᠶᠢᠨ ᠬᠡᠪᠴᠢᠶᠡᠨ ᠳᠤ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠲᠣᠰ ᠤᠳᠠᠭᠠᠨ ᠤ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠬᠡᠷᠡᠭ ᠢᠶᠠᠷ ᠰᠠᠶᠢᠵᠢᠷᠠᠭᠤᠯᠤᠯᠳᠠ ᠶᠢ ᠠᠬᠢᠭᠤᠯᠵᠤ᠂ ᠬᠡᠷᠡᠭ ᠢᠶᠠᠷ ᠰᠠᠬᠢᠯᠭ᠎ᠠ ᠪᠠᠲᠤ ᠶᠢ ᠴᠢᠩᠳᠠᠯᠠᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠳᠠᠬᠢᠨᠲᠠ ᠭᠠᠷᠬᠤ ᠶᠢ ᠡᠷᠡᠰ ᠬᠤᠷᠢᠬᠯᠠᠪᠠ᠃
      ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠵᠠᠷᠯᠠᠨ ᠮᠡᠳᠡᠭᠳᠡᠭᠰᠡᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠶ ᠰᠤᠷᠭᠠᠮᠵᠢ ᠠᠪᠴᠤ᠂ ᠳᠠᠷᠦ᠋ᠢᠬᠠᠨ ᠠᠵᠢᠯᠯᠠᠭ᠎ᠠ ᠠᠪᠴᠤ᠂ ᠲᠤᠰᠬᠠᠶ ᠰᠡᠳᠦᠪᠲᠦ ᠵᠠᠷᠯᠠᠨ ᠮᠡᠳᠡᠭᠳᠡᠬᠦ ᠬᠤᠷᠠᠯ᠂ ᠪᠥᠬᠦ ᠰᠢᠰᠲ᠋ᠧᠮ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠳᠡᠮᠳᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠸᠢᠳᠢᠣ᠋ ᠬᠤᠷᠠᠯ ᠪᠠ ︽ᠠᠵᠢᠯ ᠲᠥᠷᠥᠯ ᠤᠨ ᠰᠤᠷᠲᠠᠯ ᠢ ᠴᠡᠭᠴᠡᠯᠡᠵᠦ᠂ ᠠᠵᠢᠯ ᠲᠥᠷᠥᠯ ᠤᠨ ᠰᠠᠮᠠᠭᠤᠨ ᠪᠠᠶᠢᠳᠠᠯ ᠢ ᠠᠷᠢᠯᠭᠠᠬᠤ︾ ᠸᠢᠳᠢᠣ᠋ ᠬᠤᠷᠠᠯ ᠬᠤᠷᠠᠯᠳᠤᠭᠤᠯᠵᠤ᠂ ᠬᠤᠯᠪᠤᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠤᠳᠤᠷᠢᠳᠬᠤ ᠳᠤᠭᠤᠶᠢᠯᠠᠩ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠪᠠᠶᠢᠴᠠᠭᠠᠬᠤ ᠳᠤᠭᠤᠶᠢᠯᠠᠩ ᠪᠠᠶᠢᠭᠤᠯᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠬᠠᠷᠭᠤᠭᠤᠯᠵᠤ᠂ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷᠯᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠲᠤᠯᠭᠠᠬᠤ ᠲᠠᠰ ᠳᠠᠷᠠᠭᠠᠯᠠᠯ ᠢ ᠡᠬᠢᠯᠡᠭᠦᠯᠦᠭᠰᠡᠨ ᠤ ᠬᠠᠮᠲᠤ ᠪᠥᠬᠦ ᠰᠢᠰᠲ᠋ᠧᠮ ᠳᠤ ᠪᠥᠬᠦ ᠲᠠᠯ᠎ᠠ ᠶᠢᠨ ᠥᠪᠡᠷ ᠤᠨ ᠪᠠᠶᠢᠴᠠᠭᠠᠯᠳᠠ ᠦᠷᠨᠢᠬᠦᠯᠪᠡ᠃ ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠶᠢ ᠲᠤᠰᠬᠠᠶ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠳᠤ ᠬᠠᠪᠰᠤᠷᠤᠨ ᠭᠦᠢᠴᠡᠳᠬᠡᠬᠦ︾ ᠶᠢ ᠠᠬᠢᠭᠤᠯᠵᠤ᠂ ᠳᠡᠩᠰᠡᠯᠡᠨ ᠲᠡᠮᠳᠡᠭᠯᠡᠭᠴᠢ ᠶᠢᠨ ᠴᠢᠬᠡᠴᠢ ᠵᠠᠰᠠᠬ ᠤᠨ ᠬᠥᠮᠦᠵᠢᠯ ᠪᠠ ᠰᠠᠬᠢᠯᠭ᠎ᠠ ᠪᠠᠲᠤ ᠶᠢᠨ ᠬᠢᠵᠠᠭᠠᠷᠯᠠᠯ ᠵᠢᠴᠢ ᠢᠯᠡᠴᠢᠯᠡᠨ ᠮᠡᠳᠡᠭᠦᠯᠬᠦ ᠤᠲᠠᠰᠤ ᠨᠡᠮᠡᠵᠦ ᠳᠣᠭᠢᠷᠠᠭᠤᠯᠬᠤ ᠶᠢ ᠴᠢᠩᠭᠠᠳᠬᠠᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠳᠤ ᠮᠡᠳᠡᠬᠦᠯᠬᠦ ᠪᠢᠴᠢᠭ ᠮᠠᠲ᠋ᠧᠷᠢᠶᠠᠯ ᠤᠨ ᠰᠢᠰᠲ᠋ᠧᠮ ᠤᠨ ᠴᠠᠭ ᠠᠴᠠ ᠬᠡᠲᠦᠷᠡᠭᠦ ᠶᠢ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠶᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠨ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠠᠷᠬᠠᠬ ᠭᠡᠮ ᠢ ᠡᠷᠢᠨ ᠭᠠᠷᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ᠂ ᠡᠶᠢᠮᠦᠷᠬᠦᠦ ᠠᠰᠠᠭᠤᠳᠠᠯ ᠤᠨ ᠳᠠᠬᠢᠨᠲᠠ ᠡᠭᠦᠰᠬᠦ ᠶᠢ ᠡᠷᠡᠰ ᠬᠤᠷᠢᠬᠯᠠᠵᠥ᠂ ᠦᠯᠦ ᠬᠦᠳᠡᠯᠬᠦ ᠬᠦᠷᠦᠩᠬᠡ ᠶᠢ ᠳᠠᠩᠰᠠᠯᠠᠵᠥ ᠳᠡᠮᠳᠡᠭᠯᠡᠬᠦ ᠠᠵᠢᠯ ᠤᠨ ᠠᠷᠠᠳ ᠲᠤ ᠳᠦᠬᠦᠮ ᠦᠵᠡᠬᠦᠯᠵᠥ ᠠᠷᠠᠳ ᠲᠤ ᠠᠰᠢᠬ ᠬᠦᠷᠳᠡᠬᠡᠬᠦ ᠦᠢᠯᠡᠴᠢᠯᠡᠬᠡᠨ ᠤ ᠳᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠬᠦ ᠪᠤᠯᠤᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ