ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠲᠤᠭᠤᠰᠢᠯᠠᠭᠤᠯᠪᠠ  ᠱᠢ ᠲᠠᠢ ᠹᠧᠩ ᠬᠤᠷᠠᠯ ᠢ ᠡᠷᠭᠢᠯᠡᠵᠡᠶ
ᠨᠡᠶᠢᠲᠡᠯᠡᠭᠰᠡᠨ ᠴᠠᠭ᠄
2021/9/6

      9 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠬᠤᠷᠢᠨ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠪᠦᠬᠦ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠬᠤ᠂ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠶ ᠴᠢᠬᠤᠯᠠ ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠴᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠠ ᠴᠢᠬᠤᠯᠠ ᠵᠢᠷᠤᠮᠯᠠᠯ ᠬᠠᠩᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠥ᠂ ᠣᠨᠣᠪᠴᠢᠲᠠᠢ ᠤᠢᠢᠯᠠᠭᠠᠨ ᠡᠵᠡᠮᠰᠢᠵᠥ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ᠂ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠦᠨᠳᠦᠷᠴᠡ ᠠᠴᠠ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ ᠪᠠ ᠠᠬᠤᠢᠢᠴᠢ ᠠᠴᠢ ᠬᠤᠯᠪᠣᠭᠳᠠᠯ ᠢ ᠭᠦᠢᠴᠡᠳ ᠲᠠᠨᠢᠵᠥ᠂ ᠠᠵᠢᠯ ᠢᠶᠠᠨ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠥ᠂ ᠠᠵᠢᠯᠴᠢ ᠬᠥᠳᠡᠯᠮᠦᠷᠢᠴᠢ ᠪᠠᠷ ᠰᠢᠨ᠎ᠡ ᠶᠢ ᠡᠭᠦᠳᠦᠨ ᠴᠢᠨᠡᠭᠡᠯᠢᠭᠵᠢᠬᠦ ᠶᠢ ᠵᠣᠷᠢᠭᠵᠢᠭᠤᠯᠤᠨ᠂ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠵᠥ᠂ ᠴᠢᠳᠠᠯ ᠤᠨ ᠢᠶᠠᠨ ᠬᠢᠷᠢ ᠪᠠᠷ ᠬᠢᠵᠥ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠶᠢ ᠪᠠᠷᠢᠮᠲᠠᠯᠠᠵᠥ᠂ ᠭᠠᠵᠠᠷ ᠣᠷᠣᠨ ᠤ ᠵᠥᠷᠢᠶ᠎ᠡ᠂ ᠬᠤᠳᠠ ᠬᠥᠳᠡᠭᠡ ᠶᠢᠨ ᠵᠥᠷᠢᠶ᠎ᠡ᠂ ᠣᠷᠣᠯᠭ᠎ᠠ ᠶᠢᠨ ᠵᠥᠷᠢᠶ᠎ᠡ ᠵᠡᠷᠭᠡ ᠠᠰᠠᠭᠤᠳᠠᠯ ᠢ ᠨᠠᠩ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠰᠤᠳᠤᠯᠤᠨ ᠰᠢᠢᠳᠪᠦᠷᠢᠯᠡᠵᠦ᠂ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠪᠠ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠳᠡᠢ᠃ ᠴᠢᠨᠠᠷ ᠰᠠᠶᠢᠲᠠᠶ ᠬᠥᠭᠵᠢᠯᠲᠡ ᠶᠢᠨ ᠶᠠᠪᠤᠴᠠ ᠳᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠨᠥᠬᠦᠴᠡᠯ᠂ ᠬᠠᠷᠢᠴᠠᠭᠤᠯᠤᠭᠰᠠᠨ ᠳᠠᠪᠠᠭᠤᠯᠢᠭ ᠵᠡᠷᠭᠡ ᠪᠣᠳᠠᠲᠤ ᠪᠠᠶᠢᠳᠠᠯ ᠳᠤ ᠰᠠᠭᠤᠷᠢᠯᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠵᠤ᠂ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠶ ᠴᠢᠨᠠᠷ᠂ ᠪᠠᠭᠲᠠᠭᠠᠮᠵᠢᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠣᠷᠣᠨ ᠤ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ᠃ ︽ᠦᠨᠳᠦᠷ ᠤᠷᠤᠯᠭ᠎ᠠ ᠲᠠᠢ ᠬᠦᠮᠦᠰ ᠢ ᠵᠤᠬᠢᠴᠠᠭᠤᠯᠬᠤ︾᠂ ︽ᠳᠤᠮᠳᠠ ᠤᠷᠤᠯᠭ᠎ᠠ ᠲᠠᠢ ᠬᠦᠮᠦᠰ ᠢ ᠥᠷᠭᠡᠳᠬᠡᠬᠦ︾᠂ ︽ᠳᠣᠣᠷ᠎ᠠ ᠤᠷᠤᠯᠭ᠎ᠠ ᠲᠠᠢ ᠬᠦᠮᠦᠰ ᠤᠨ ᠤᠷᠤᠯᠭ᠎ᠠ ᠶᠢᠨ ᠳᠦᠪᠰᠢᠨ ᠢ ᠳᠡᠭᠡᠭᠰᠢᠯᠡᠭᠦᠯᠬᠦ︾ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠵᠦ᠂ ᠬᠠᠮᠲᠤ ᠪᠠᠷ ᠴᠢᠨᠡᠬᠡᠯᠢᠭᠵᠢᠬᠦ ᠶᠢ ᠠᠬᠢᠭᠤᠯᠵᠤ ᠪᠠᠶᠢᠭᠠᠳ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠣᠯᠭᠠᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠪᠣᠳᠠᠰ ᠤᠨ ᠲᠠᠯ᠎ᠠ ᠪᠠ ᠤᠶᠤᠨ ᠰᠠᠨᠠᠭᠠᠨ ᠤ ᠲᠠᠯ᠎ᠠ ᠪᠠᠷ ᠨᠡᠩ ᠥᠭᠡᠳᠡ ᠡᠰᠡᠷᠡᠭ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠢ ᠬᠠᠮᠲᠤ ᠪᠠᠷ ᠴᠢᠨᠡᠬᠡᠯᠢᠭᠵᠢᠬᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠴᠢᠬᠤᠯᠠ ᠶᠡᠭᠡ ᠦᠷᠢᠰᠦᠯᠳᠦᠬᠡᠨ ᠢ ᠠᠷᠭᠠᠴᠠᠭᠠᠬᠤ ᠠᠵᠢᠯ ᠢ ᠡᠷᠡᠰ ᠬᠦᠴᠦᠲᠡᠢ ᠰᠠᠶᠢᠲᠤᠷ ᠬᠢᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠰᠢᠰᠲ᠋ᠧᠮᠳᠤ ᠦᠵᠡᠯᠲᠡ ᠪᠠᠨ ᠴᠢᠩᠭᠠᠳᠬᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠡᠬᠦᠰᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠡᠯᠡᠨ ᠦᠢᠯᠡᠳᠬᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠢᠭᠡ ᠠᠵᠢᠯ ᠲᠦᠷᠦᠯ ᠳᠤ ᠨᠢᠭᠡ ᠠᠷᠭ᠎ᠠ ᠪᠤᠳᠤᠯᠭ᠎ᠠ ᠠᠪᠬᠤ᠂ ᠠᠵᠢᠯ ᠳᠦᠷᠦᠯ ᠤᠨ ᠪᠠᠶᠢᠳᠠᠯ ᠳᠤᠨᠢ ᠳᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠳᠠᠯᠠᠵᠥ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠠᠵᠤ ᠠᠬᠤᠶᠢᠯᠠᠯ ᠤᠨ ᠥᠷᠢ ᠥᠭᠴᠡᠭᠡ ᠶᠢᠨ ᠭᠡᠷ᠎ᠡ ᠠᠴᠠ ᠵᠥᠷᠢᠴᠡᠭᠰᠡᠨ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠥᠷᠢ ᠥᠭᠴᠡᠭᠡ ᠪᠠᠨ ᠰᠠᠶᠢᠳᠤᠷ ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ ᠪᠦᠲᠦᠮᠵᠢᠲᠡᠶ ᠵᠢᠯᠣᠭᠤᠳᠴᠤ ᠬᠠᠪᠰᠤᠷᠬᠤ ᠬᠡᠷᠡᠭᠲᠡᠶ᠃ ᠲᠣᠭᠲᠠᠭᠰᠠᠨ ᠡᠭᠦᠷᠭᠡ ᠬᠠᠷᠠᠯᠲᠠ ᠶᠣᠰᠣᠭᠠᠷ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠲᠦᠮᠵᠢᠲᠡᠢ ᠰᠢᠢᠳᠪᠦᠷᠢᠯᠡᠬᠦ ᠬᠡᠷᠡᠭᠳᠡᠢ᠃ ᠭᠠᠵᠠᠷ ᠰᠢᠷᠣᠢ ᠶᠢᠨ ᠦᠨ᠎ᠡ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠠᠴᠢᠯᠠᠭᠰᠠᠨ ᠤᠶᠤᠨᠴᠢᠯᠠᠬᠰᠠᠨ ᠲᠦᠪᠰᠢᠨ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠢᠯᠵᠠᠷᠠᠯ ᠢ ᠵᠠᠯᠬᠠᠭᠠᠨ ᠰᠢᠢᠳᠬᠡᠬᠦ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠣᠯᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠲᠠᠨᠢᠵᠤ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠢᠮᠠᠭᠲᠠ ᠴᠢᠩᠭ᠎ᠠ ᠠᠳᠬᠤᠵᠤ᠂ ᠮᠠᠨ ᠤ ᠣᠷᠣᠨ ᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠬᠡᠳᠭᠡᠨ ᠠᠬᠢᠭᠤᠯᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠦᠨᠡᠨ ᠬᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠨᠡᠨ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠵᠤ᠂ ᠶᠠᠷᠢᠶᠠᠨ ᠤ ᠵᠣᠷᠢᠭ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠪᠠ ᠬᠢᠴᠢᠶᠡᠯ ᠤᠨ ᠲᠠᠩᠬᠢᠮ ᠳᠤ ᠣᠷᠣᠭᠤᠯᠵᠦ ᠲᠠᠷᠢᠬᠢ ᠲᠤᠯᠤᠭᠠᠢ ᠳᠠᠭᠠᠨ ᠬᠠᠲᠠᠩᠰᠢᠭᠤᠯᠬᠤ ᠶᠢ ᠠᠬᠢᠭᠤᠯᠵᠦ᠂ ᠰᠤᠷᠤᠯᠴᠠᠨ ᠲᠤᠭᠤᠰᠢᠯᠠᠭᠤᠯᠬᠤ ᠠᠵᠢᠯ ᠢ ᠴᠢᠨᠠᠭᠰᠢᠳᠠ ᠭᠦᠨᠵᠡᠭᠡᠶᠢᠷᠡᠭᠦᠯᠬᠦ ᠬᠡᠷᠡᠭᠲᠡᠢ᠃ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠬᠦ ᠴᠢᠭᠯᠡᠯ ᠢ ᠪᠠᠲᠤ ᠡᠵᠡᠮᠳᠡᠵᠦ᠂ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠪᠣᠯᠤᠨ ︽ᠬᠢᠴᠢᠶᠡᠯ ᠳᠡᠭᠡᠷᠡᠬᠢ ᠦᠵᠡᠯ ᠰᠠᠨᠠᠭ᠎ᠠ ᠤᠯᠤᠰ ᠲᠥᠷᠥ︾ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠣᠷᠣᠨ ᠨᠤᠲᠤᠭ ᠤᠨ ᠨᠠᠮ ᠵᠠᠰᠠᠭ ᠤᠨ ᠭᠤᠣᠯ ᠤᠳᠤᠷᠢᠳᠤᠯᠭ᠎ᠠ ᠬᠠᠷᠢᠭᠤᠴᠠᠬᠰᠠᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠨᠡ ᠵᠢᠯ ᠪᠣᠯ ᠬᠤᠭᠤᠴᠠᠭ᠎ᠠ ᠰᠣᠯᠢᠬᠤ ᠵᠢᠯ ᠮᠥᠨ᠂ ᠵᠠᠪᠠᠯ ᠠᠵᠢᠯ ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ ︽ᠰᠢᠨ᠎ᠡ ᠲᠠᠷᠤᠭ᠎ᠠ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠬᠤ ᠶᠢ ᠰᠡᠷᠭᠡᠶᠢᠯᠡᠬᠦ ᠮᠥᠷᠲᠡᠭᠡᠨ ᠭᠡᠢ ᠰᠠᠭᠭᠠᠵᠦ ᠪᠡᠯᠡ ᠣᠷᠣᠭᠤᠯᠵᠤ ᠪᠦᠳᠦᠭᠡᠨ ᠪᠠᠶᠢᠭᠤᠯᠤᠯᠲᠠ ᠬᠢᠬᠦ ᠶᠢ ᠴᠦ ᠰᠡᠷᠭᠡᠶᠢᠯᠡᠬᠦ ᠬᠡᠷᠡᠭᠲᠡᠢ᠃ ᠵᠠᠰᠠᠭ ᠤᠨ ᠣᠷᠳᠣᠨ ᠤ ᠬᠠᠤᠯᠢ ᠪᠠᠷ ᠲᠣᠭᠲᠠᠭᠠᠭᠰᠠᠨ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠪᠥᠬᠦ ᠦᠶᠡᠯᠡᠯ ᠤᠨ ᠬᠤᠭᠤᠴᠠᠭ᠎ᠠ᠂ ᠪᠠᠶᠢᠩᠭᠤᠵᠢᠭᠰᠠᠨ ᠲᠦᠭᠰᠢᠭᠦᠷᠢ ᠶᠢ ᠬᠢᠨᠠᠨ ᠡᠵᠡᠮᠳᠡᠬᠦ ᠠᠵᠢᠯ ᠢ ᠭᠤᠤᠯᠳᠠᠯᠭ᠎ᠠ ᠲᠠᠢ ᠴᠢᠩᠭᠠᠳᠬᠠᠵᠤ᠂ ᠬᠠᠤᠯᠢ ᠪᠠᠷ ᠲᠣᠭᠲᠠᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠬᠤᠯᠪᠣᠭᠳᠠᠯ ᠪᠦᠬᠦᠢ ᠭᠠᠵᠠᠷ ᠣᠷᠣᠨ ᠢ ᠱᠠᠯᠠᠪᠳᠠᠭᠤᠯᠵᠦ ᠪᠠᠶᠢᠭᠠᠳ ᠥᠷᠢ ᠥᠭᠴᠡᠭᠡ ᠶᠢᠨ ᠠᠰᠠᠭᠤᠲᠠᠯ ᠢ ᠰᠢᠢᠳᠪᠦᠷᠢᠯᠡᠬᠦ ᠠᠵᠢᠯ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ᠂ ᠮᠥᠷᠳᠡᠨ ᠲᠣᠬᠢᠷᠠᠭᠤᠯᠬᠤ ᠪᠠᠨ ᠴᠢᠩᠭᠠᠳᠬᠠᠨ᠂ ᠲᠡᠩᠰᠠ ᠠᠴᠠ ᠭᠠᠷᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠠᠰᠠᠭᠤᠳᠠᠯ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠴᠢᠨᠠᠭᠰᠢᠳᠠ ᠬᠥᠩᠭᠡᠷᠡᠭᠦᠯᠬᠦ ᠲᠤᠬᠠᠢ ᠬᠡᠷᠡᠭᠵᠢᠭᠦᠯᠬᠦ ᠲᠥᠰᠦᠯ︾ ᠪᠠ ︽ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ︵2021 — 2025 ᠤᠨ︶︾ ᠶᠢ ᠬᠢᠨᠠᠨ ᠵᠥᠪᠯᠡᠵᠡᠢ᠃ ᠬᠤᠷᠠᠯ ᠠᠴᠠ᠂ ᠡᠯ᠎ᠡ ᠱᠠᠲᠤᠨ ᠤ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠵᠦ ᠤᠳᠤᠷᠢᠳᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ︽ᠬᠤᠶᠠᠷ ᠢ ᠬᠦᠩᠭᠡᠷᠡᠬᠦᠯᠬᠦ︾ ᠠᠵᠢᠯ ᠢ ᠲᠣᠭᠲᠠᠭᠤᠨ ᠡᠮᠬᠢ ᠵᠢᠷᠤᠮ ᠲᠠᠢ ᠠᠬᠢᠭᠤᠯᠵᠤ᠂ ᠣᠯᠠᠨ ᠲᠦᠮᠡᠨ ᠦᠨᠡᠨ ᠬᠦ ᠰᠡᠳᠬᠢᠯ ᠬᠠᠨᠤᠮᠵᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠪᠦᠬᠦ ᠲᠠᠯ᠎ᠠ ᠪᠠᠷ ᠬᠠᠤᠯᠢ ᠲᠦᠭᠡᠮᠡᠯᠵᠢᠭᠦᠯᠬᠦ ᠠᠵᠢᠯ ᠢ ᠬᠥᠳᠤᠯᠤᠨ ᠵᠢᠯᠣᠭᠤᠳᠬᠤ ᠶᠢ ᠪᠠᠷᠢᠮᠲᠠᠯᠠᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠡᠶᠢᠭᠡᠮ ᠳᠠᠶᠠᠭᠠᠷ ᠲᠤ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠦᠳᠭᠡᠡ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ