︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠣᠷᠣᠨ ︽ᠨᠢᠭᠡ ᠱᠣᠭᠤᠮ ᠨᠢᠭᠡ ᠣᠷᠣᠨ ᠬᠤᠶᠠᠷ ᠪᠦᠰᠡ︾ ᠶᠢᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠪᠠᠶᠢᠷᠢᠰᠢᠯ ᠢ ᠬᠦᠴᠦᠯᠡᠨ ᠪᠠᠶᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2021/9/6

      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠣᠶᠢᠷ᠎ᠠ ᠳᠤ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠣᠷᠣᠨ ︽ᠨᠢᠭᠡ ᠱᠣᠭᠤᠮ ᠨᠢᠭᠡ ᠣᠷᠣᠨ ᠬᠤᠶᠠᠷ ᠪᠦᠰᠡ︾ ᠶᠢᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠪᠠᠶᠢᠷᠢᠰᠢᠯ ᠢ ᠬᠦᠴᠦᠯᠡᠨ ᠪᠠᠶᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠰᠢᠪᠲᠤᠯᠤᠯᠲᠠ ᠪᠠᠷ ᠪᠥᠬᠦ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠳᠠᠶᠢᠴᠢᠯᠠᠨ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠶᠢ ᠰᠢᠰᠲ᠋ᠧᠮ ᠲᠠᠢ ᠵᠠᠰᠠᠬᠤ ᠶᠢ ᠪᠡᠶᠡᠯᠡᠭᠦᠯᠬᠦ ᠪᠠᠷ ᠪᠣᠢ᠃
      ︽ᠨᠢᠭᠡ ᠱᠣᠭᠤᠮ ᠨᠢᠭᠡ ᠣᠷᠣᠨ ᠬᠤᠶᠠᠷ ᠪᠦᠰᠡ︾ ᠶᠢᠨ ᠪᠠᠶᠢᠷᠢᠰᠢᠯ ᠳᠤ᠂ ︽ᠨᠢᠭᠡ ᠱᠣᠭᠤᠮ︾ ᠨᠢ ᠳᠠᠷᠤᠶ ᠶᠡᠭᠡ ᠬᠢᠩᠭᠠᠨ ᠳᠠᠪᠠᠭ᠎ᠠ᠂ ᠮᠤᠨᠢ ᠠᠭᠤᠯᠠ᠂ ᠠᠯᠠᠱᠠ ᠠᠭᠤᠯᠠ ᠵᠡᠷᠭᠡ ᠭᠤᠤᠯ ᠪᠣᠯᠬᠤ ᠠᠭᠤᠯᠠ ᠨᠢᠷᠤᠭᠤ ᠪᠠᠷ ᠪᠦᠷᠢᠯᠳᠦᠭᠰᠡᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠷᠤᠭᠤ︾ ᠪᠠ ︽ᠠᠷᠤᠭ ᠶᠠᠰᠤ︾ ᠪᠣᠯᠤᠨ᠎ᠠ᠂ ︽ᠨᠢᠭᠡ ᠣᠷᠣᠨ ᠬᠤᠶᠠᠷ ᠪᠦᠰᠡ︾ ᠨᠢ ᠳᠠᠷᠤᠶ ᠬᠠᠲᠤᠨ ᠭᠤᠤᠯ ᠤᠨ ᠰᠠᠪᠠ ᠭᠠᠵᠠᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠪᠦᠰᠡ ᠪᠠ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠵᠡᠷᠭᠡ ᠭᠤᠷᠪᠠᠨ ᠶᠡᠭᠡ ᠪᠠᠶᠢᠯᠳᠤᠬᠤ ᠪᠣᠳᠣᠯᠭ᠎ᠠ ᠶᠢᠨ ᠣᠷᠣᠨ ᠵᠠᠶ ᠪᠣᠯᠤᠨ᠎ᠠ᠃
      ᠡᠨᠡ ᠬᠦ ᠪᠠᠶᠢᠷᠢᠰᠢᠯ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ᠂ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠷᠨᠢᠭᠦᠯᠬᠦ ᠶᠢ ᠤᠯᠠᠮ ᠴᠢᠩᠭᠠᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ᠂ ᠬᠦᠯᠦᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ ᠵᠢᠴᠢ ᠴᠠᠭᠠᠨᠨᠠᠭᠤᠷ ᠵᠡᠷᠭᠡ ᠴᠢᠬᠤᠯᠠ ᠨᠤᠭᠤ ᠭᠠᠵᠠᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠬᠥᠯᠥᠨ ᠪᠤᠶᠢᠷ᠂ ᠠᠯᠠᠱᠠ ᠠᠭᠤᠯᠠ ᠵᠡᠷᠭᠡ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠠᠬᠢᠭᠤᠯᠵᠤ᠂ ᠴᠢᠬᠤᠯᠠ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ ᠪᠠ ᠤᠤᠭᠠᠯ ᠴᠢᠨᠠᠷ ᠢ ᠬᠠᠮᠠᠭᠠᠯᠠᠨ᠎ᠠ᠃ ᠡᠯᠡᠰᠦᠨ ᠴᠥᠯ ᠤᠨ ᠪᠠᠶᠢᠭᠠᠯᠢ ᠶᠢᠨ ᠣᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠴᠢᠩᠭ᠎ᠠ ᠬᠠᠮᠠᠭᠠᠯᠠᠵᠤ᠂ ᠠᠳᠠᠯᠢ ᠪᠤᠰᠤ ᠬᠡᠮᠵᠢᠶ᠎ᠡ ᠪᠠᠷ ᠮᠠᠭᠤᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠲᠥᠷᠥᠯ ᠬᠤᠪᠢᠶᠠᠨ ᠵᠠᠰᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠨᠡᠶᠢᠭᠡᠮᠴᠢᠯᠡᠭᠰᠡᠨ ᠰᠡᠷᠭᠡᠶᠢᠯᠡᠨ ᠵᠠᠰᠠᠬᠤ᠂ ᠪᠣᠬᠢᠷᠲᠤᠯ ᠥᠬᠡᠶ ᠰᠡᠷᠭᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ᠎ᠡ᠃
      ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠵᠦ᠂ ᠤᠰᠤᠨ ᠤ ᠬᠡᠮᠵᠢᠶ᠎ᠡ ᠶᠢ ᠦᠨᠳᠦᠰᠦᠯᠡᠨ᠂ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ 5 ᠵᠢᠯ ᠤᠨ ᠬᠤᠭᠤᠴᠠᠭᠠᠨ ᠳᠤ 4300 ᠲᠦᠮᠡᠨ ᠮᠥ ᠣᠶ ᠰᠢᠭᠤᠶ ᠶᠢᠨ ᠠᠮᠢ ᠠᠬᠤᠶ ᠶᠢᠨ ᠪᠠᠶᠢᠭᠤᠯᠤᠯᠲᠠ ᠶᠢᠨ ᠡᠭᠦᠷᠭᠡ᠂ 6500 ᠲᠦᠮᠡᠨ ᠮᠥ ᠡᠪᠡᠰᠦ ᠳᠠᠷᠢᠬᠤ ᠡᠭᠦᠷᠭᠡ᠂ 2650 ᠲᠦᠮᠡᠨ ᠮᠥ ᠡᠯᠡᠰᠦ ᠶᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ 2025 ᠣᠨ ᠪᠣᠯᠬᠤ ᠳᠤ᠂ ᠪᠥᠬᠦ ᠣᠷᠣᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 23.5% ᠳᠤ ᠬᠦᠷᠦᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ 45% ᠳᠤ ᠬᠦᠷᠦᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠪᠠᠬᠢᠵᠢᠭᠦᠯᠬᠦ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ