ᠱᠠᠩᠬᠠᠢ ᠬᠤᠲᠠ ᠶᠢᠨ 8 ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠬᠢᠭᠡᠳ ᠥᠪᠥᠷ ᠮᠣᠩᠭᠤᠯ ᠤᠨ 8 ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠬᠠᠪᠰᠤᠷᠤᠯᠴᠠᠭ᠎ᠠ ᠪᠠᠶᠢᠭᠤᠯᠤᠨ ᠲᠤᠰᠠᠯᠠᠬᠤ ᠲᠥᠷᠥᠯ ᠵᠦᠢᠯ ᠳᠤ ᠡᠬᠦᠯᠡᠨ ᠲᠠᠪᠴᠠᠩ ᠢᠶᠠᠷ ᠭᠠᠷ ᠤᠨ ᠦᠰᠦᠭ ᠵᠢᠷᠤᠪᠠ  ᠴᠢ᠊ ᠪᠠᠳᠤ ᠶᠤᠰᠤᠯᠠᠯ ᠳᠤ ᠤᠷᠤᠯᠴᠠᠵᠦ ᠭᠠᠷ ᠤᠨ ᠦᠰᠦᠭ ᠵᠢᠷᠤᠬᠰᠠᠨ ᠢ ᠭᠡᠷᠡᠴᠢᠯᠡᠵᠠᠢ
ᠨᠡᠶᠢᠲᠡᠯᠡᠭᠰᠡᠨ ᠴᠠᠭ᠄
2021/9/6

      9 ᠰᠠᠷ᠎ᠠ ᠶᠢᠨ 5 ᠤ ᠡᠳᠦᠷ᠂ ᠱᠠᠩᠬᠠᠢ ᠶᠢᠨ ᠨᠡᠶᠢᠭᠡᠮ ᠤᠨ ᠬᠦᠴᠦᠨ ᠥᠪᠥᠷ ᠮᠣᠩᠭᠤᠯ ᠤᠨ ᠬᠡᠦᠬᠡᠳ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ ᠬᠠᠪᠰᠤᠷᠤᠯᠴᠠᠭ᠎ᠠ ᠪᠠᠶᠢᠭᠤᠯᠤᠨ ᠲᠤᠰᠠᠯᠠᠬᠤ ᠭᠠᠷ ᠤᠨ ᠦᠰᠦᠭ ᠵᠢᠷᠤᠬᠤ ᠶᠣᠰᠣᠯᠠᠯ ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ ᠸᠢᠳᠢᠣ᠋ ᠶᠢᠨ ᠡᠭᠦᠯᠡᠨ ᠲᠡᠪᠴᠠᠩ ᠢᠶᠠᠷ ᠭᠠᠷ ᠤᠨ ᠦᠰᠦᠭ ᠵᠢᠷᠤᠬᠤ ᠬᠡᠯᠪᠡᠷᠢ ᠪᠠᠷ ᠶᠠᠪᠤᠭᠳᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠢ᠊ ᠪᠠᠲᠤ ᠶᠤᠰᠤᠯᠠᠯ ᠳᠤ ᠣᠷᠣᠯᠴᠠᠭᠰᠠᠨ ᠪᠥᠭᠡᠳ ᠭᠠᠷ ᠤᠨ ᠦᠰᠦᠭ ᠵᠢᠷᠤᠬᠰᠠᠨ ᠢ ᠭᠡᠷᠡᠴᠢᠯᠡᠪᠡ᠃
      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠲᠡᠦᠬᠡ ᠶᠢᠨ ᠰᠤᠳᠤᠨ ᠰᠠᠶᠢᠬᠠᠨ ᠲᠠᠭᠤᠷᠢᠰᠬᠠᠯ ᠢ ᠴᠢᠨᠠᠭᠰᠢᠳᠠ ᠪᠠᠳᠠᠷᠠᠭᠤᠯᠵᠤ᠂ ᠱᠠᠩᠬᠠᠢ ᠥᠪᠥᠷ ᠮᠣᠩᠭᠤᠯ ᠤᠨ ᠬᠡᠦᠬᠡᠳ ᠤᠨ ᠠᠰᠠᠷᠠᠮᠵᠢ ᠶᠢᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢᠨ ᠵᠦᠪᠯᠡᠯᠴᠡᠭᠡᠷ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠱᠠᠩᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠬᠦᠴᠦᠨ ᠢ ᠥᠷᠭᠡᠨ ᠢᠶᠠᠷ ᠲᠠᠶᠢᠴᠢᠯᠠᠵᠥ᠂ ᠮᠠᠨ ᠤ ᠣᠷᠣᠨ ᠤ ᠬᠡᠦᠬᠡᠳ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠲᠤᠰ ᠤᠳᠠᠭ᠎ᠠ ᠶᠢᠨ ᠲᠤᠰᠠᠯᠠᠬᠤ ᠲᠦᠷᠦᠯ ᠵᠦᠢᠯ ᠢ ᠱᠠᠩᠬᠠᠶ ᠬᠤᠲᠠ ᠶᠢᠨ ᠬᠡᠦᠬᠡᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ 8 ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠲᠣᠰ ᠲᠣᠰ ᠮᠠᠨ ᠤ ᠣᠷᠣᠨ ᠤ ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ᠂ ᠬᠥᠯᠥᠨ ᠪᠤᠶᠢᠷ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠵᠡᠷᠭᠡ 8 ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠲᠠᠢ ᠬᠠᠪᠰᠤᠷᠤᠯᠴᠠᠭ᠎ᠠ ᠪᠠᠶᠢᠭᠤᠯᠵᠦ᠂ 2021 ᠣᠨ ᠠᠴᠠ 2026 ᠣᠨ ᠪᠣᠯᠲᠠᠯ᠎ᠠ ᠲᠦᠷᠦᠯ ᠵᠦᠢᠯᠴᠢᠯᠡᠭᠰᠡᠨ ᠬᠡᠯᠪᠡᠷᠢ ᠪᠠᠷ ᠡᠳ᠋ ᠪᠣᠳᠠᠰ ᠲᠤᠰᠠᠯᠠᠬᠤ ᠪᠤᠶᠤ ᠦᠢᠯᠡᠴᠢᠯᠡᠭᠡ ᠬᠠᠩᠭᠠᠨ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠦᠷᠢ ᠶᠢᠨ 5 ᠵᠢᠯ ᠳᠠᠬᠢ ᠲᠤᠰᠠᠯᠠᠮᠵᠢ ᠶᠢᠨ ᠲᠥᠷᠥᠯ ᠵᠦᠢᠯ ᠤᠨ ᠶᠡᠷᠦᠩᠬᠡᠶ ᠥᠷᠲᠡᠭ ᠨᠢ 100 ᠲᠦᠮᠡᠨ ᠲᠥᠭᠦᠷᠢᠭ ᠠᠴᠠ ᠲᠡᠭᠡᠭᠰᠢ ᠪᠠᠶᠢᠵᠤ᠂ ᠬᠠᠪᠰᠤᠷᠤᠯᠴᠠᠭ᠎ᠠ ᠪᠠᠶᠢᠭᠤᠯᠤᠬᠰᠠᠨ ᠪᠠᠶᠢᠭᠤᠯᠤᠮᠵᠢ ᠶᠢ ᠬᠠᠪᠰᠤᠷᠤᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ᠂ ᠦᠢᠯᠡᠴᠢᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠲᠤᠰᠬᠠᠶ ᠮᠡᠷᠭᠡᠵᠢᠯ ᠤᠨ ᠳᠡᠮᠵᠢᠯᠭᠡ ᠬᠠᠩᠭᠠᠬᠤ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ᠂ ᠮᠠᠨ ᠤ ᠣᠷᠣᠨ ᠤ ᠬᠡᠦᠬᠡᠳ ᠤᠨ ᠠᠮᠢᠳᠤᠷᠠᠯ᠂ ᠡᠮᠴᠢᠯᠡᠭᠡ᠂ ᠡᠷᠡᠭᠦᠯᠵᠢᠯ ᠪᠠ ᠰᠤᠷᠭᠠᠨ ᠬᠥᠮᠦᠵᠢᠯ ᠤᠨ ᠲᠦᠪᠰᠢᠨ ᠢ ᠲᠡᠭᠡᠭᠰᠢᠯᠡᠭᠦᠯᠬᠦ ᠪᠤᠯᠦᠨ᠎ᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ