ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ  ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/9/6

      9 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠠᠯᠪᠠᠨ ᠬᠡᠷ 2020 ᠣᠨ ᠠᠴᠠ ᠨᠠᠭᠠᠰᠢᠬᠢ ᠪᠥᠬᠦ ᠣᠷᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠰ ᠲᠣᠰ ᠦᠭᠡ ᠬᠡᠯᠡᠪᠡ᠃
      ᠬᠤᠷᠠᠯ ᠠᠴᠠ᠂ ᠣᠳᠣᠬᠠᠨ ᠳᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠨᠢᠭᠡᠨᠲᠡ ᠲᠦᠭᠰᠢᠬᠦᠷᠢ ᠶᠢ ᠲᠤᠭᠤᠯᠬᠤ ᠬᠤᠭᠤᠴᠠᠭ᠎ᠠ ᠪᠠ ᠪᠤᠭᠤᠮᠳᠠ ᠰᠢᠪᠳᠤᠯᠬᠤ ᠬᠤᠭᠤᠴᠠᠭᠠᠨ ᠳᠤ ᠣᠷᠣᠪᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠠᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠶᠡᠭᠡ ᠡᠷᠡᠭᠦᠯ ᠬᠠᠮᠠᠭᠠᠯᠠᠯ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠬᠦ ᠶᠢ ᠭᠤᠶᠢᠪᠢᠰᠢ ᠥᠬᠡᠶ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠠᠷᠠᠳ ᠲᠦᠮᠡᠨ ᠳᠤ ᠨᠠᠩ ᠣᠯᠠᠨ᠂ ᠨᠠᠩ ᠰᠠᠶᠢᠳᠤᠷ ᠬᠦᠷᠲᠡᠭᠡᠬᠦ ᠬᠡᠷᠡᠭᠲᠡᠶ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ︽ᠰᠠᠨᠮᠢᠩ ᠤᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠬᠦ ᠶᠢ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠭᠠᠷᠳᠠᠴᠠ ᠪᠣᠯᠭᠠᠵᠤ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠪᠠᠶᠢᠭᠤᠯᠤᠮᠵᠢ ᠪᠣᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠡᠶᠢᠴᠡᠭᠰᠡᠨ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠠᠭᠪᠤᠷ ᠢ ᠰᠦᠪᠡᠭᠴᠢᠯᠡᠨ ᠪᠠᠶᠢᠭᠤᠯᠬᠤ ᠬᠡᠷᠡᠭᠲᠡᠢ︔ ᠰᠢᠰᠲ᠋ᠧᠮ ᠲᠠᠢ ᠬᠤᠷᠰᠢᠯᠴᠠᠵᠦ᠂ ᠡᠮᠴᠢᠯᠡᠭᠡ᠂ ᠡᠮᠴᠢᠯᠡᠭᠡᠨ ᠤ ᠪᠠᠳᠤᠯᠠᠭ᠎ᠠ᠂ ᠡᠮ ᠡᠮᠨᠡᠯᠭᠡ ᠶᠢᠨ ᠬᠤᠷᠰᠢᠯᠴᠠᠭ᠎ᠠ ᠶᠢ ᠦᠨᠡᠨ ᠬᠦ ᠬᠤᠯᠪᠣᠵᠤ᠂ ᠬᠥᠳᠡᠯᠭᠡᠵᠦ᠂ ᠠᠮᠢᠳᠤᠯᠢᠭᠵᠢᠭᠤᠯᠵᠤ᠂ ᠥᠭᠡᠷᠡᠴᠢᠯᠡᠯᠲᠡ ᠶᠢᠨ ᠳᠠᠪᠬᠤᠴᠠᠯ ᠦᠢᠯᠡᠳᠦᠯ ᠢ ᠪᠦᠷᠢᠯᠳᠦᠭᠦᠯᠬᠦ ᠭᠡᠷᠡᠭᠳᠠᠢ︔ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠤᠲᠠᠭᠤᠳᠠᠯ ᠠᠴᠠ ᠡᠬᠢᠯᠡᠨ ᠨᠥᠬᠦᠪᠥᠷᠢᠯᠡᠵᠦ᠂ ᠬᠠᠮᠤᠭ ᠤᠨ ᠬᠦᠴᠢᠷᠲᠡᠶ ᠲᠠᠯ᠎ᠠ ᠠᠴᠠ ᠡᠬᠢᠯᠡᠨ ᠵᠠᠰᠠᠬᠤ ᠭᠡᠷᠡᠭᠳᠠᠢ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠲᠡᠶ ᠪᠠᠶᠢᠷᠢᠰᠢᠭᠤᠯᠤᠯᠲᠠ ᠶᠢ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠯ᠎ᠡ ᠱᠠᠲᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠦᠢᠯᠡᠳᠦᠯ ᠢᠶᠠᠨ ᠲᠡᠩᠴᠡᠭᠦᠷᠢᠲᠡᠶ ᠪᠠᠳᠠᠷᠠᠭᠤᠯᠬᠤ ᠶᠢ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠲᠣᠪᠤᠶᠢᠯᠭᠠᠨ ᠰᠠᠶᠢᠲᠤᠷ ᠠᠳᠬᠤᠵᠤ᠂ ᠣᠲᠣ ᠶᠢᠨ ᠪᠠᠶᠢᠭ᠎ᠠ ᠡᠬᠢ ᠪᠠᠶᠠᠯᠢᠭ ᠢ ᠨᠡᠶᠢᠳᠬᠡᠵᠦ᠂ ᠬᠦᠴᠦᠨ ᠢᠶᠠᠨ ᠲᠥᠪᠯᠡᠷᠡᠭᠦᠯᠦᠨ ᠡᠮᠴᠢᠯᠡᠭᠡᠨ ᠤ ᠦᠢᠯᠡᠴᠢᠯᠡᠭᠡ ᠶᠢᠨ ︽ᠥᠨᠳᠦᠷᠯᠢᠭ︾ ᠢ ᠴᠣᠭᠴᠠᠯᠠᠬᠤ ᠬᠡᠷᠡᠭᠲᠡᠶ︔ ᠰᠢᠰᠲ᠋ᠧᠮ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠵᠠᠭᠪᠤᠷ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠡᠷᠡᠭᠳᠠᠢ︔ ᠶᠡᠷᠦᠩᠬᠡᠶᠢᠯᠡᠨ ᠬᠢᠨᠠᠵᠤ ᠬᠠᠮᠢᠶᠠᠷᠬᠤ ᠳᠦᠷᠢᠮ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠱᠠᠯᠠᠪᠳᠠᠭᠤᠯᠤᠨ ᠰᠢᠯᠭᠠᠨ ᠪᠠᠶᠢᠴᠠᠭᠠᠬᠤ ᠶᠢ ᠴᠢᠩᠭᠠᠷᠠᠭᠤᠯᠤᠨ᠂ ᠰᠢᠯᠭᠠᠨ ᠪᠠᠶᠢᠴᠠᠭᠠᠬᠤ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠬᠤ ᠭᠡᠷᠡᠭᠳᠠᠢ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠤᠨ ᠡᠮᠴᠢᠯᠡᠭᠡᠨ ᠤ ᠦᠢᠯᠡᠴᠢᠯᠡᠭᠡ ᠶᠢᠨ ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠠᠬᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠦᠨᠡᠯᠡᠨ ᠵᠢᠱᠢᠵᠦ ᠰᠤᠳᠤᠯᠤᠨ ᠮᠠᠭᠠᠳᠯᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠ ᠬᠠᠮᠵᠢᠯᠴᠠᠵᠤ ᠬᠤᠷᠰᠢᠯᠴᠠᠬᠤ ᠪᠠᠨ ᠤᠯᠠᠮ ᠴᠢᠨᠠᠭᠰᠢᠳᠠ ᠴᠢᠩᠭᠠᠳᠬᠠᠵᠤ᠂ ᠥᠭᠡᠷᠡᠴᠢᠯᠡᠯᠲᠡ ᠶᠢ ᠠᠬᠢᠭᠤᠯᠬᠤ ᠬᠠᠮᠲᠤᠷᠠᠯ ᠬᠦᠴᠦᠨ ᠤ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠣᠷᠣᠭᠤᠯᠤᠯᠲᠠ ᠶᠢᠨ ᠪᠦᠲᠦᠴᠡ ᠪᠠᠨ ᠲᠠᠰᠤᠷᠠᠯᠲᠠ ᠤᠢᠭᠡᠢ ᠰᠢᠯᠢᠳᠡᠭᠵᠢᠭᠦᠯᠦᠨ᠂ ᠲᠣᠭᠲᠠᠪᠤᠷᠢᠳᠠᠢ ᠣᠷᠣᠭᠤᠯᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠵᠤᠯ ᠵᠢᠷᠭᠠᠯ ᠢ ᠲᠠᠰᠤᠷᠠᠯᠲᠠ ᠤᠢᠭᠡᠢ ᠨᠡᠮᠡᠭᠳᠡᠭᠦᠯᠬᠦ ᠬᠡᠷᠡᠭᠲᠡᠶ ᠭᠡᠵᠤ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ