ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 3 ᠤ ᠡᠳᠦᠷ ᠸᠢᠳᠢᠣ᠋ ᠪᠠᠷ ᠳᠣᠯᠣᠳᠤᠭᠠᠷ ᠬᠤᠭᠤᠴᠠᠭᠠᠨ ᠤ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠦᠭᠡ ᠬᠡᠯᠡᠪᠡ
ᠯᠢ ᠺᠧ ᠴᠢᠶᠠᠩ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠳᠤ ᠪᠠᠶᠢᠭᠠᠯᠢ ᠲᠠᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠨᠣᠯᠵᠢᠬᠤᠨ ᠪᠤᠢ᠃ ᠤᠢᠢᠷ᠎ᠠ ᠶᠢᠨ ᠵᠢᠯ ᠤᠳ ᠲᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠠᠶᠢᠭᠠᠯᠢ ᠶᠢᠨ ᠬᠠᠮᠠᠭᠠᠯᠠᠯᠲᠠ ᠪᠠ ᠦᠷᠭᠦᠯᠵᠢᠯᠡᠬᠦᠶᠢᠴᠡ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ︽ᠠᠭᠤᠷ ᠠᠮᠢᠰᠬᠤᠯ ᠤᠨ ᠲᠤᠬᠠᠶ ᠲᠦᠷᠦᠭᠦᠴᠦᠳ ᠤᠨ ᠬᠤᠷᠠᠯ︾ ᠳᠡᠭᠡᠷ᠎ᠡ᠂ ᠬᠥᠮᠦᠨ ᠬᠢᠭᠡᠳ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠳᠤᠷᠠᠳᠤᠨ ᠭᠠᠷᠭᠠᠪᠠ᠃ 14 ᠳ᠋ᠦᠩᠰᠢᠭᠤᠷ ᠬᠥᠮᠦᠨ ᠠᠮᠠ ᠲᠠᠢ ᠲᠤᠮᠤ ᠤᠯᠤᠰ ᠪᠣᠯᠤᠭᠰᠠᠨ ᠤ ᠬᠤᠪᠢ ᠳᠤ᠂ ᠪᠢᠳᠡ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠴᠠ ᠳᠤ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠣᠨᠣᠯᠵᠢᠬᠤᠨ ᠢ ᠬᠠᠩᠭᠠᠵᠤ᠂ ᠬᠥᠭᠵᠢᠭᠦᠯᠬᠦ ᠶᠢᠨ ᠳᠤᠮᠳᠠ ᠬᠠᠮᠠᠭᠠᠯᠠᠵᠤ᠂ ᠬᠠᠮᠠᠭᠠᠯᠠᠬᠤ ᠶᠢᠨ ᠳᠤᠮᠳᠠ ᠬᠥᠭᠵᠢᠭᠦᠯᠦᠨ᠎ᠡ᠃ ᠪᠦᠬᠦ ᠪᠥᠮᠪᠥᠷᠴᠡᠭ ᠤᠨ ᠪᠠᠶᠢᠭᠠᠯᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠤᠷᠢᠳᠤ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠤ ᠡᠮᠦᠨ᠎ᠡ᠂ ᠳᠡᠯᠡᠬᠡᠢ ᠨᠡᠶᠢᠭᠡᠮ ᠢᠶᠠᠷ ᠢᠶᠠᠨ ᠤᠷᠢᠳᠤ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠪᠠ ᠠᠵᠢᠯᠯᠠᠭ᠎ᠠ ᠪᠠᠷ ᠢᠶᠠᠨ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠵᠡᠢ᠃
ᠯᠢ ᠺᠧ ᠴᠢᠶᠠᠩ᠂ ᠮᠠᠨ ᠤ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠪᠣᠯ ᠠᠮᠢ ᠠᠬᠤᠢ ᠶᠢᠨ ᠰᠢᠰᠲ᠋ᠧᠮ ᠪᠣᠯᠤᠨ᠎ᠠ᠃ ᠪᠠᠶᠢᠭᠠᠯᠢ ᠶᠢᠨ ᠠᠮᠢ ᠠᠬᠤᠶ ᠶᠢᠨ ᠡᠯ᠎ᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠲᠠᠯᠠᠢ ᠲᠠᠩᠭᠢᠰ᠂ ᠤᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠤᠨ ᠠᠮᠢᠵᠢᠷᠠᠯ ᠤᠨ ᠬᠦᠴᠦᠨ ᠢ ᠰᠡᠷᠭᠦᠭᠡᠬᠦ ᠬᠡᠷᠡᠭᠲᠡᠶ᠃ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ᠂ ᠠᠮᠢ ᠠᠬᠤᠶ ᠶᠢᠨ ᠬᠤᠩᠭᠢᠯ ᠢ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠣᠤᠷ ᠰᠦᠯᠵᠢᠶ᠎ᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠯᠢ ᠺᠧ ᠴᠢᠶᠠᠩ᠂ ᠬᠢᠵᠢᠭ ᠤᠨ ᠪᠠᠶᠢᠳᠠᠯ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ ᠪᠣᠯ ᠬᠥᠮᠦᠨ ᠲᠥᠷᠥᠯᠬᠢᠲᠡᠨ ᠤ ᠬᠥᠭᠵᠢᠯᠲᠡ ᠳᠤ ᠡᠷᠬᠡᠪᠰᠢ ᠱᠠᠭᠠᠷᠳᠠᠭᠳᠠᠬᠤ ᠵᠦᠢᠯ ᠮᠥᠨ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ︽ᠪᠠᠶᠢᠭᠠᠯᠢ ᠳᠤ ᠰᠠᠭᠤᠷᠢᠯᠠᠭᠰᠠᠨ ᠰᠢᠢᠳᠪᠦᠷᠢᠯᠡᠬᠦ ᠲᠥᠰᠦᠯ︾ ᠢ ᠬᠡᠷᠡᠭᠯᠡᠵᠦ᠂ ᠪᠣᠬᠢᠷᠲᠤᠯ ᠦᠭᠡᠢ ᠮᠥᠩᠭᠦᠨ ᠭᠦᠢᠯᠭᠡᠭᠡ ᠶᠢ ᠬᠥᠭᠵᠢᠭᠦᠯᠵᠦ᠂ ᠪᠣᠬᠢᠷᠲᠤᠯ ᠦᠭᠡᠢ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠦᠨ᠂ ᠣᠷᠴᠢᠯ ᠠᠵᠤ ᠠᠬᠤᠢ ᠶᠢ ᠬᠥᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠬᠡᠯᠪᠡᠷᠢ ᠶᠢ ᠪᠤᠶᠢᠵᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠪᠢᠯᠠᠨ ᠭᠠᠮᠨᠠᠬᠤ ᠬᠡᠷᠡᠭᠯᠡᠭᠡᠨ ᠤ ᠦᠵᠡᠯᠲᠡ ᠶᠢ ᠰᠠᠨᠠᠭᠠᠴᠢᠯᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠵᠢᠯᠯᠠᠭ᠎ᠠ ᠪᠠᠷ ᠬᠥᠮᠦᠨ ᠲᠥᠷᠥᠯᠬᠢᠲᠡᠨ ᠤ ᠦᠷᠭᠦᠯᠵᠢᠯᠡᠬᠦᠶᠢᠴᠡ ᠬᠥᠭᠵᠢᠯᠲᠡ ᠳᠤ ᠥᠨᠢᠳᠡ ᠶᠢᠨ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠯᠢ ᠺᠧ ᠴᠢᠶᠠᠩ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠣᠳᠣ ᠪᠠ ᠢᠷᠡᠭᠡᠳᠦᠢ ᠶᠢ ᠬᠠᠷᠠᠭᠠᠯᠵᠠᠬᠤ ᠶᠢ ᠪᠠᠷᠢᠮᠲᠠᠯᠠᠵᠤ᠂ ᠪᠠᠭᠠᠰᠬᠠᠬᠤ ᠪᠠ ᠵᠣᠬᠢᠴᠠᠬᠤ ᠶᠢ ᠪᠦᠬᠦ ᠲᠠᠯ᠎ᠠ ᠪᠠᠷ ᠠᠬᠢᠭᠤᠯᠵᠤ᠂ ᠡᠨᠧᠷᠭᠢ ᠶᠢ ᠠᠷᠪᠢᠯᠠᠬᠤ᠂ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ ᠬᠦᠯᠡᠮᠵᠢ ᠶᠢᠨ ᠬᠡᠢ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠵᠤ᠂ ᠤᠢ ᠰᠢᠭᠤᠢ᠂ ᠳᠠᠯᠠᠢ ᠲᠠᠩᠭᠢᠰ ᠵᠡᠷᠭᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠡᠬᠢ ᠪᠠᠶᠠᠯᠢᠭ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠮᠲᠤ ᠶᠢᠨ ᠬᠥᠭᠵᠢᠯᠲᠡ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠬᠤ ᠬᠡᠷᠡᠭᠲᠡᠢ ᠭᠡᠵᠦ ᠢᠯᠡᠳᠬᠡᠪᠡ᠃
ᠯᠢ ᠺᠧ ᠴᠢᠶᠠᠩ᠂ ᠪᠦᠬᠦ ᠪᠥᠮᠪᠥᠷᠴᠡᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠨᠠᠭᠰᠢᠳᠠ ᠲᠡᠭᠦᠯᠳᠡᠷᠵᠢᠭᠦᠯᠬᠦ ᠳᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠡᠷᠬᠡ ᠲᠡᠭᠰᠢ ᠵᠦᠢ ᠵᠣᠬᠢᠰᠲᠠᠢ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠮᠢ ᠠᠬᠤᠢ ᠶᠢᠨ ᠵᠠᠰᠠᠯᠲᠠ ᠶᠢᠨ ᠲᠦᠷᠢᠮ ᠢ ᠲᠣᠭᠲᠠᠭᠠᠬᠤ ᠶᠠᠪᠤᠴᠠ ᠳᠤ ᠦᠵᠡᠭᠦᠯᠬᠦ ᠭᠤᠣᠯ ᠠᠷᠭ᠎ᠠ ᠵᠠᠮ ᠤᠨ ᠦᠢᠯᠡᠳᠦᠯ ᠢ ᠪᠠᠷᠢᠮᠲᠠᠯᠠᠵᠤ᠂ ᠡᠯ᠎ᠡ ᠲᠠᠯ᠎ᠠ ᠶᠢᠨ ᠬᠢᠨ ᠤ ︽ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ︾ ᠶᠢ ᠡᠷᠢᠯᠬᠢᠯᠡᠬᠦ ᠬᠡᠷᠡᠭᠲᠡᠢ᠃ ᠲᠤᠮᠤ ᠤᠯᠤᠰ ᠤᠳ ᠵᠣᠷᠢᠭ ᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠥᠪ ᠲᠠᠯ᠎ᠠ ᠶᠢᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠯᠢ ᠺᠧ ᠴᠢᠶᠠᠩ᠂ ᠳᠤᠮᠳᠠᠳᠤ ᠤᠯᠤᠰ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠣᠶ ᠰᠢᠭᠤᠶ ᠶᠢᠨ ᠪᠦᠷᠬᠦᠴᠡ ᠪᠠ ᠬᠠᠳᠠᠭᠠᠯᠠᠭᠳᠠᠴᠠ ᠶᠢᠨ ᠬᠡᠮᠵᠢᠶ᠎ᠡ 30 ᠵᠢᠯ ᠳᠠᠷᠠᠭᠠᠯᠠᠨ ︽ᠬᠤᠣᠰ ᠨᠡᠮᠡᠭᠳᠡᠯ︾ ᠢ ᠪᠡᠶᠡᠯᠡᠭᠦᠯᠵᠦ᠂ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠬᠡᠯᠪᠡᠷᠢ ᠪᠠ ᠭᠤᠣᠯᠳᠠᠯᠭ᠎ᠠ ᠲᠠᠢ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠢ ᠪᠦᠲᠦᠮᠵᠢᠲᠡᠶ ᠬᠠᠮᠠᠭᠠᠯᠠᠭᠰᠠᠨ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠶᠦᠨᠨᠠᠨ ᠤ ᠵᠠᠭᠠᠨ ᠤ ᠰᠦᠷᠦᠭ ᠤᠨ ᠨᠡᠭᠦᠳᠡᠯ ᠨᠢ ᠬᠥᠮᠦᠰ ᠤᠨ ᠠᠩᠬᠠᠷᠤᠯ ᠢ ᠥᠷᠭᠡᠨ ᠢᠶᠠᠷ ᠲᠠᠲᠠᠵᠤ ᠪᠠᠶᠢᠨ᠎ᠠ᠂ ᠡᠨᠡ ᠨᠢ ᠪᠢᠳᠡᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠳᠠᠬᠢ ᠡᠬᠡ ᠪᠠᠶᠢᠭᠠᠯᠢ ᠶᠢ ᠬᠠᠮᠠᠭᠠᠯᠠᠬᠤ ᠶᠢ ᠴᠢᠬᠤᠯᠠᠴᠢᠯᠠᠵᠤ ᠪᠠᠶᠢᠬᠤ ᠶᠢ ᠢᠯᠡᠳᠬᠡᠵᠦ ᠪᠤᠢ᠃ ᠳᠤᠮᠳᠠᠳᠤ ᠤᠯᠤᠰ ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠶ ︽ᠫᠠᠷᠢᠰ ᠤᠨ ᠬᠡᠯᠡᠯᠴᠡᠭᠡᠷ︾ ᠢ ᠢᠳᠡᠪᠬᠢᠲᠡᠶ ᠪᠠᠷ ᠨᠠᠶᠢᠳᠠᠪᠤᠷᠢᠵᠢᠭᠤᠯᠵᠤ ᠪᠠᠶᠢᠨ᠎ᠠ᠃ ᠲᠦᠷᠦᠭᠦᠬᠡᠨ ᠪᠥᠬᠦ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠳᠤᠮᠳᠠᠳᠤ ᠤᠯᠤᠰ ᠲᠤ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠳᠤᠮᠳᠠᠳᠤ ᠤᠯᠤᠰ ᠣᠳᠣᠬᠢᠴᠢᠯᠠᠯᠲᠠ ᠶᠢᠨ ᠶᠠᠪᠤᠴᠠ ᠳᠤ ᠡᠬᠡ ᠪᠠᠶᠢᠭᠠᠯᠢ ᠶᠢ ᠬᠠᠮᠠᠭᠠᠯᠠᠵᠤ᠂ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠳᠤ ᠲᠦᠢᠯ ᠤᠨ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠴᠢᠬᠤᠯᠠᠲᠠᠶ ᠪᠠᠶᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠡᠯ᠎ᠡ ᠲᠠᠯ᠎ᠠ ᠲᠠᠢ ᠬᠠᠮᠲᠤ ᠪᠠᠷ ᠴᠢᠷᠮᠠᠶᠢᠵᠤ ᠪᠠᠶᠢᠭᠠᠳ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠦᠳᠦᠭᠡᠨ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃
ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠶᠡᠭᠡ ᠬᠤᠷᠠᠯ ᠪᠣᠯ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭ᠎ᠠ ᠶᠢᠨ ᠲᠦᠷᠪᠡᠨ ᠵᠢᠯ ᠳᠤ ᠨᠢᠭᠡ ᠤᠳᠠᠭ᠎ᠠ ᠬᠤᠷᠠᠯᠳᠤᠭᠤᠯᠬᠤ ᠲᠣᠭᠲᠠᠴᠠ ᠶᠢᠨ ᠴᠢᠨᠠᠷᠲᠠᠢ ᠬᠤᠷᠠᠯ ᠪᠣᠯᠣᠨ᠎ᠠ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠪᠣᠯᠤᠨ ᠬᠥᠭᠵᠢᠯᠲᠡ ᠶᠢᠨ ᠬᠦᠷᠢᠶᠡᠨ ᠳᠤ ᠴᠢᠬᠤᠯᠠ ᠨᠥᠯᠥᠭᠡ ᠲᠠᠢ ᠶᠤᠮ᠃ ᠲᠤᠰ ᠤᠳᠠᠭ᠎ᠠ ᠶᠢᠨ ᠬᠤᠷᠠᠯ ᠢ ᠹᠷᠠᠨᠼᠢ ᠶᠢᠨ ᠵᠠᠰᠠᠭ ᠤᠨ ᠣᠷᠳᠣᠨ ᠪᠣᠯᠤᠨ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭ᠎ᠠ ᠬᠠᠮᠲᠤᠷᠠᠨ ᠡᠷᠬᠢᠯᠡᠵᠦ᠂ ︽ᠢᠵᠢᠯᠢ ᠪᠠᠶᠢᠭᠠᠯᠢ᠂ ᠢᠵᠢᠯᠢ ᠢᠷᠡᠭᠡᠳᠦᠢ︾ ᠭᠡᠵᠦ ᠰᠡᠳᠦᠪᠯᠡᠵᠡᠢ᠃ ᠹᠷᠠᠨᠼᠢ ᠶᠢᠨ ᠶᠡᠷᠦᠩᠬᠡᠶᠢᠯᠡᠭᠴᠢ ᠮᠠᠺᠷᠣᠨ᠂ ᠤᠯᠠᠨ ᠤᠯᠤᠰ ᠤᠨ ᠵᠠᠰᠠᠭ ᠤᠨ ᠭᠠᠵᠠᠷ ᠤᠨ ᠴᠢᠬᠤᠯᠠ ᠲᠤᠰᠢᠶᠠᠯᠲᠠᠨ᠂ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠨᠡᠷ ᠬᠤᠷᠠᠯ ᠳᠤ ᠣᠷᠣᠯᠴᠠᠪᠠ᠃