ᠥᠪᠡᠷᠲᠡᠭᠡᠨ ᠵᠠᠰᠠᠬᠤ ᠣᠷᠣᠨ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠳᠠ ᠳᠤ ᠬᠠᠮᠵᠢᠯᠴᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/6

      9 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠳᠤ ᠬᠠᠮᠵᠢᠯᠴᠠᠬᠤ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
      ᠬᠤᠷᠠᠯ ᠠᠴᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠨᠢ ᠮᠠᠨ ᠤ ᠣᠷᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠠᠰᠠ ᠵᠥᠷᠢᠶ᠎ᠡ ᠤᠷᠤᠰᠢᠵᠤ ᠪᠠᠶᠢᠬᠤ ᠶᠢ ᠲᠤᠰᠬᠠᠪᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠳᠡᠭᠰᠡᠨ ᠳᠠᠷᠤᠶ ᠳᠤ ᠴᠡᠭᠴᠡᠯᠡᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠰᠠᠶᠢᠵᠢᠷᠠᠭᠤᠯᠵᠤ᠂ ᠦᠨᠡᠨ ᠬᠦ ᠱᠠᠯᠠᠪᠳᠠᠭᠤᠯᠤᠨ ᠪᠠᠶᠢᠴᠠᠭᠠᠵᠥ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ᠮᠠᠨ ᠤ ᠣᠷᠣᠨ ᠤ ᠡᠯ᠎ᠡ ᠵᠦᠢᠯ ᠤᠨ ᠠᠵᠢᠯ ᠢ ᠴᠢᠨᠠᠷᠯᠢᠬ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠤᠰᠬᠠᠢ ᠵᠣᠯᠭᠠᠭᠤᠯᠬᠤ ᠳᠤᠭᠤᠶᠢᠯᠠᠩ ᠤᠨ ᠬᠢᠨ ᠠᠵᠢᠯ ᠤᠨ ᠬᠠᠮᠵᠢᠯᠴᠠᠭ᠎ᠠ ᠪᠠᠨ ᠢᠳᠡᠪᠬᠢᠲᠡᠢ ᠰᠠᠶᠢᠲᠤᠷ ᠬᠢᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠲᠠᠩᠰᠠ ᠵᠤᠬᠢᠶᠠᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡ ᠠᠴᠠ ᠨᠦᠬᠦᠬᠡ ᠶᠢ ᠵᠦᠢᠴᠢᠯᠡᠨ ᠮᠡᠳᠡᠵᠦ᠂ ᠲᠤᠰ ᠠᠵᠢᠯ ᠲᠥᠷᠥᠯ ᠲᠤᠰ ᠬᠦᠷᠢᠶ᠎ᠠ ᠴᠠᠷᠠᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠶ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠵᠦ ᠢᠯᠡᠷᠡᠭᠦᠯᠦᠭᠰᠡᠨ ᠠᠰᠠᠭᠤᠳᠠᠯ ᠳᠠᠬᠢ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠬᠠᠭᠤᠯᠤᠨ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠬᠡᠵᠥ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ