ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠳᠤ ᠢᠷᠡᠵᠦ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/9/7

      ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠤᠰᠤᠭᠠᠷ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ

ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠳᠤ ᠢᠷᠡᠵᠥ᠂ ᠮᠠᠨ ᠤ ᠣᠷᠣᠨ ᠤ ᠬᠤᠶᠠᠳᠤᠭᠠᠷ

ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ᠃ 9 ᠰᠠᠷ᠎ᠠ ᠶᠢᠨ 6 ᠤ

ᠡᠳᠦᠷ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠥᠬᠡᠬᠤᠲᠠ ᠳᠤ

ᠠᠭᠤᠯᠵᠠᠨ ᠤᠯᠤᠯᠴᠠᠬᠤ ᠬᠤᠷᠠᠯ ᠪᠠ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠬᠤᠷᠠᠯ ᠳᠡᠭᠡᠷ᠎ᠡ᠂ ᠲᠥᠪ ᠤᠨ ᠳᠥᠷᠪᠡᠳᠦᠭᠡᠷ ᠱᠠᠯᠠᠪᠳᠠᠭᠤᠯᠤᠨ

ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠰᠠᠨᠠᠯ ᠳᠤᠷᠠᠳᠤᠯᠭ᠎ᠠ ᠶᠢᠨ

ᠵᠥᠪᠯᠡᠯ ᠤᠨ ᠳᠡᠳ᠋ ᠡᠷᠬᠢᠯᠡᠭᠴᠢ ᡁᠢ ᠱᠤ᠋ ᠫᠢᠩ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠬᠠᠢ

ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠱᠠᠯᠠᠪᠳᠠᠭᠤᠯᠤᠨ ᠵᠢᠯᠣᠭᠤᠳᠬᠤ ᠡᠭᠦᠷᠭᠡ ᠪᠣᠯᠤᠨ

ᠲᠤᠬᠢᠷᠠᠭᠤᠯᠤᠯᠳᠠ ᠶᠢ ᠵᠠᠷᠯᠠᠨ ᠮᠡᠳᠡᠭᠳᠡᠵᠦ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠶᠢᠨ

ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠦᠬᠡᠳ ᠣᠪᠣᠷ ᠢᠶᠠᠨ ᠢᠯᠡᠳᠬᠡᠬᠦ ᠦᠭᠡ ᠭᠡᠯᠡᠬᠦ ᠶᠢᠨ ᠬᠠᠮᠳᠦ

ᠠᠵᠢᠯ ᠤᠨ ᠬᠠᠷᠢᠭᠤ ᠮᠡᠳᠡᠭᠦᠯᠦᠯᠲᠡ ᠬᠢᠪᠠ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠪᠥᠬᠦ ᠤᠯᠤᠰ ᠤᠨ

ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠵᠥᠪᠯᠡᠯ ᠤᠨ ᠭᠡᠰᠢᠭᠦᠨ ᠹᠠᠨ ᠰᠢᠤᠢ ᠶᠢᠨ ᠬᠤᠷᠠᠯ ᠳᠤ ᠣᠷᠣᠯᠴᠠᠵᠠᠶ᠃

1.jpg

3.jpg

3.jpg

      ᡁᠢ ᠱᠤ᠋ ᠫᠢᠩ ᠥᠪᠥᠷ ᠮᠣᠩᠭᠤᠯ ᠤᠨ ᠨᠢᠭᠡᠳᠦᠭᠡᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠪᠠ ︽ᠡᠷᠬᠢᠨ

ᠬᠠᠷᠠᠬᠤ︾ ᠠᠵᠢᠯ ᠤᠨ ᠣᠯᠤᠭᠰᠠᠨ ᠪᠣᠳᠠᠲᠤ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᡁᠢ ᠱᠤ᠋ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ

ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ

ᠨᠠᠶᠢᠳᠠᠪᠤᠷᠢᠵᠢᠭᠤᠯᠬᠤ ᠪᠠᠷ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ

ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠠᠷᠠᠳ ᠤᠯᠠᠨ ᠤ ᠬᠠᠤᠯᠢᠵᠢᠯ ᠤᠨ ᠪᠠᠶᠢᠭᠤᠯᠤᠯᠲᠠ ᠶᠢᠨ ᠲᠤᠬᠠᠢ ᠬᠦᠰᠡᠯ ᠱᠠᠭᠠᠷᠳᠠᠯᠭ᠎ᠠ ᠲᠠᠢ ᠨᠢᠭᠲᠠ

ᠤᠶᠠᠯᠳᠤᠭᠤᠯᠵᠤ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂

ᠬᠦᠮᠦᠵᠢᠯ ᠴᠡᠭᠴᠡᠯᠡᠯᠳᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ᠂ ᠴᠠᠭᠳᠠᠭ᠎ᠠ ᠶᠢ ᠴᠢᠩᠭ᠎ᠠ ᠵᠠᠰᠠᠬᠤ᠂ ᠰᠠᠬᠢᠯᠭ᠎ᠠ ᠪᠠᠲᠤ

ᠣᠪᠣᠷ ᠰᠤᠷᠲᠠᠯ᠂ ᠬᠡᠪ ᠪᠣᠯᠪᠠᠰᠤᠷᠠᠯ ᠴᠢᠳᠠᠪᠤᠷᠢ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢᠨ ᠤᠯᠠᠨ ᠢ ᠢᠲᠡᠭᠡᠭᠦᠯᠬᠦ ᠬᠦᠴᠦᠨ ᠠᠩᠬ᠎ᠠ ᠠᠯᠬᠤᠮ ᠰᠠᠶᠢᠵᠢᠷᠠᠪᠠ᠃

ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠡᠭᠡᠳᠦ ᠬᠡᠮᠵᠢᠶᠡᠨ ᠤ

ᠤᠯᠤᠰ ᠲᠦᠷᠦ ᠶᠢᠨ ᠤᠬᠠᠮᠰᠠᠷ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠡᠷᠡ ᠳᠠᠷᠤᠶ ᠳᠤᠨᠢ ᠪᠦᠬᠦ ᠣᠷᠣᠨ ᠤ ᠳᠠᠶᠢᠴᠢᠯᠠᠯᠲᠠ ᠶᠢᠨ ᠬᠤᠷᠠᠯ ᠬᠢᠵᠤ᠂

ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ

ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠦᠨᠡᠨᠴᠢ ᠰᠢᠳᠤᠷᠭᠤ ᠪᠠᠶᠢᠬᠤ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂

ᠪᠠᠭᠠᠲᠤᠷ ᠵᠢᠱᠢᠶᠡᠴᠢ ᠶᠢᠨ ᠬᠥᠮᠦᠵᠢᠯ ᠢ ᠬᠦᠨᠵᠡᠭᠡᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ

ᠰᠠᠶᠢᠲᠤᠷ ᠠᠳᠬᠤᠵᠤ᠂ ᠣᠷᠣᠯᠴᠠᠬᠤ ᠨᠤᠷᠮ᠎ᠠ᠂ ᠲᠦᠭᠡᠮᠡᠯᠵᠢᠭᠰᠡᠨ ᠨᠤᠷᠮ᠎ᠠ᠂ ᠰᠤᠷᠤᠯᠴᠠᠯᠭ᠎ᠠ ᠶᠢ ᠬᠤᠪᠢᠷᠠᠭᠤᠯᠬᠤ ᠦᠷ᠎ᠡ ᠪᠦᠲᠦᠮᠵᠢ ᠪᠦᠷ ᠦᠨᠡᠨ ᠪᠣᠳᠠᠲᠠᠶ ᠬᠢᠷᠢ

ᠪᠦᠲᠦᠮᠵᠢ ᠣᠯᠵᠤ᠂ ᠨᠢᠭᠡ ᠪᠦᠯᠦᠭ ᠣᠨᠴᠠᠯᠢᠭ ᠲᠠᠢ ᠭᠢᠯᠠᠰ ᠴᠡᠭ ᠪᠦᠷᠢᠯᠳᠦᠵᠡᠶ ᠭᠡᠵᠤ ᠵᠢᠭᠠᠵᠤ ᠭᠠᠷᠭᠠᠪᠠ᠃ ᡁᠢ ᠱᠤ᠋ ᠫᠢᠩ᠂ ᠪᠠᠶᠢᠴᠠᠭᠠᠨ ᠵᠠᠯᠠᠷᠠᠭᠤᠯᠵᠤ ᠴᠡᠭᠴᠡᠯᠡᠨ

ᠰᠠᠶᠢᠵᠢᠷᠠᠭᠤᠯᠬᠤ ᠭᠤᠭᠴᠤᠭ᠎ᠠ ᠪᠣᠯ ᠬᠥᠮᠦᠵᠢᠯ ᠴᠡᠭᠴᠡᠯᠡᠯᠲᠡ ᠶᠢᠨ ᠦᠨᠡᠨ ᠬᠦ ᠬᠠᠲᠠᠭᠤ ᠲᠠᠢ ᠨᠢ ᠬᠠᠯᠳᠠᠵᠤ᠂ ᠠᠮᠢᠨ ᠭᠠᠵᠠᠷ ᠢ ᠨᠢ ᠬᠦᠨᠳᠡᠵᠦ᠂ ᠪᠣᠳᠠᠲᠤ ᠦᠷ᠎ᠡ

ᠪᠦᠲᠦᠮᠵᠢ ᠤᠯᠬᠤ ᠭᠤᠣᠯ ᠭᠤᠭᠴᠤᠭ᠎ᠠ ᠪᠣᠯᠤᠨ᠎ᠠ᠂ ᠠᠰᠠᠭᠤᠳᠠᠯ ᠢ ᠭᠦᠨᠵᠡᠭᠡᠢ ᠪᠠᠶᠢᠴᠠᠭᠠᠨ ᠵᠠᠯᠠᠷᠠᠭᠤᠯᠤᠭᠰᠠᠨ ᠡᠰᠡᠬᠦ᠂ ᠲᠦᠢᠯᠪᠤᠷᠢᠲᠠᠢ ᠴᠡᠭᠴᠡᠯᠡᠨ

ᠰᠠᠶᠢᠵᠢᠷᠠᠭᠤᠯᠤᠭᠰᠠᠨ ᠡᠰᠡᠬᠦ ᠨᠢ ᠬᠦᠮᠦᠵᠢᠯ ᠴᠡᠭᠴᠡᠯᠡᠯᠳᠠ ᠶᠢᠨ ᠦᠷ᠎ᠡ ᠪᠦᠲᠦᠮᠵᠢ ᠶᠢ ᠰᠢᠭᠤᠳ ᠲᠣᠭᠲᠠᠭᠠᠵᠤ ᠪᠠᠶᠢᠨ᠎ᠠ᠂ ᠲᠥᠪ ᠤᠨ ᠱᠠᠯᠠᠪᠳᠠᠭᠤᠯᠤᠨ ᠵᠢᠯᠣᠭᠤᠳᠬᠤ

ᠳᠤᠭᠤᠶᠢᠯᠠᠩ ᠡᠨᠡ ᠬᠦ ᠴᠢᠬᠤᠯᠠ ᠴᠠᠭ ᠬᠤᠭᠤᠴᠠᠭᠠᠨ ᠳᠤ ᠣᠷᠣᠵᠤ ᠰᠠᠭᠤᠭᠰᠠᠨ ᠨᠢ ᠳᠠᠷᠤᠢ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ ᠱᠠᠯᠠᠪᠳᠠᠭᠤᠯᠤᠨ

ᠵᠢᠯᠣᠭᠤᠳᠬᠤ ᠠᠵᠢᠯ ᠦᠷᠨᠢᠬᠦᠯᠬᠦ ᠶᠢᠨ ᠲᠥᠯᠥᠭᠡ ᠶᠤᠮ ᠭᠡᠵᠤ ᠵᠢᠭᠠᠵᠤ ᠭᠠᠷᠭᠠᠪᠠ᠃

      ᡁᠢ ᠱᠦ ᠫᠢᠩ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠬᠤᠷᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ᠂

ᠨᠢᠭᠡᠳᠦᠭᠡᠷ ᠬᠠᠷᠢᠭᠤᠴᠠᠯᠭᠠᠲᠠᠠ ᠤ ᠨᠢᠭᠡᠳᠦᠭᠡᠷ ᠬᠠᠷᠢᠭᠤᠴᠠᠯᠭ᠎ᠠ᠂ ᠤᠳᠤᠷᠢᠳᠬᠤ ᠳᠤᠭᠤᠶᠢᠯᠠᠩ ᠪᠣᠯᠤᠨ ᠠᠯᠪᠠᠨ ᠭᠡᠷ ᠤᠨ ᠪᠣᠳᠠᠲᠠᠢ ᠵᠣᠬᠢᠶᠠᠨ ᠪᠠᠶᠢᠭᠤᠯᠬᠤ

ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠦᠷᠭᠡᠨ ᠤᠯᠠᠨ ᠺᠠᠳ᠋ᠷ ᠴᠠᠭᠳᠠᠭ᠎ᠠ ᠶᠢᠨ

ᠢᠳᠡᠪᠬᠢᠵᠢᠯ ᠢ ᠪᠦᠲᠦᠮᠵᠢᠲᠡᠢ ᠲᠠᠶᠢᠴᠢᠯᠠᠵᠤ᠂ ᠺᠠᠳ᠋ᠷ ᠴᠠᠭᠳᠠᠭ᠎ᠠ ᠶᠢᠨ ᠳᠣᠲᠣᠭᠠᠳᠤᠬᠢ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ

ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠴᠢᠨᠠᠭᠰᠢᠳᠠ ᠪᠠᠳᠤᠳᠬᠠᠵᠦ᠂ ᠨᠠᠮ ᠳᠠᠭᠠᠨ ᠦᠨᠡᠨᠴᠢ ᠰᠢᠳᠤᠷᠭᠤ᠂ ᠨᠠᠮ ᠤᠨ ᠲᠥᠪ ᠬᠤᠷᠢᠶ᠎ᠠ ᠳᠠᠭᠠᠨ

ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠪᠠᠭᠠᠲᠤᠷ

ᠵᠢᠱᠢᠶᠡᠴᠢ ᠠᠴᠠ ᠲᠠᠭᠠᠨ ᠰᠤᠷᠤᠯᠴᠠᠵᠦ᠂ ᠪᠠᠭᠠᠲᠤᠷ ᠵᠢᠱᠢᠶᠡᠴᠢ ᠪᠣᠯᠬᠤ ᠪᠠᠷ ᠴᠢᠷᠮᠠᠶᠢᠵᠦ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠢᠷᠠᠭᠤ

ᠠᠯᠳᠠᠷᠳᠦ ᠰᠡᠳᠬᠢᠯᠭᠡ᠂ ᠡᠭᠦᠷᠭᠡᠲᠦ ᠪᠤᠳᠤᠯ᠂ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ᠵᠥᠪ ᠪᠤᠷᠤᠭᠤ ᠬᠤᠶᠠᠷ ᠲᠠᠯ᠎ᠠ ᠶᠢᠨ ᠨᠡᠶᠢᠲᠡᠯᠢᠭ ᠵᠢᠱᠢᠶ᠎ᠡ ᠶᠢ

ᠭᠦᠨᠵᠡᠭᠡᠶ ᠵᠠᠳᠠᠯᠤᠨ ᠰᠢᠨᠵᠢᠯᠡᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠷᠢᠭᠤᠨ ᠴᠢᠬᠡᠴᠢ ᠪᠠᠶᠢᠵᠦ᠂ ᠥᠪᠡᠷᠲᠡᠭᠡᠨ ᠵᠠᠰᠠᠬᠤ ᠣᠷᠣᠨ ᠤ ᠤᠯᠤᠰ

ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃ ᠠᠷᠠᠳ ᠤᠯᠠᠨ ᠤ ᠬᠢᠨᠠᠯᠲᠠ ᠲᠠᠯᠪᠢᠬᠤ ᠪᠠᠲᠤᠯᠠᠭ᠎ᠠ ᠶᠢᠨ

ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠳᠡ ᠪᠠᠨ ᠨᠡᠭᠡᠭᠡᠵᠦ ᠴᠡᠭᠴᠡᠯᠡᠯᠲᠡ ᠬᠢᠬᠦ ᠶᠢ ᠪᠠᠷᠢᠮᠲᠠᠯᠠᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠦᠨᠳᠦᠰᠦᠨ

ᠱᠠᠲᠤᠨ ᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠤᠯᠠᠨ ᠲᠦᠮᠡᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠭᠦᠢᠴᠡᠳ

ᠰᠣᠨᠣᠰᠴᠤ᠂ ᠠᠷᠠᠳ ᠤᠯᠠᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠶᠠᠪᠤᠳᠠᠯ ᠪᠠ ︽ᠬᠠᠮᠤᠭ ᠠᠴᠠ ᠬᠤᠷᠣᠰᠴᠤ ᠬᠠᠮᠤᠭ ᠠᠴᠠ

ᠭᠤᠮᠤᠲᠠᠵᠦ ᠬᠠᠮᠤᠭ ᠠᠴᠠ ᠪᠤᠬᠢᠨᠢᠳᠤᠵᠦ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠡᠭᠴᠡᠯᠡᠨ ᠵᠠᠰᠠᠭᠰᠠᠨ ᠪᠣᠳᠠᠲᠤ ᠦᠷ᠎ᠡ ᠪᠦᠲᠦᠮᠵᠢ ᠪᠠᠷ

ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠠᠷᠠᠳ ᠲᠦᠮᠡᠨ ᠤ ᠢᠲᠡᠭᠡᠯ ᠢ ᠤᠯᠬᠤ ᠬᠡᠷᠡᠭᠲᠡᠢ᠃ ᠱᠠᠯᠠᠪᠳᠠᠭᠤᠯᠤᠨ ᠵᠢᠯᠣᠭᠤᠳᠬᠤ ᠬᠤᠷᠴᠠ ᠵᠡᠪᠰᠡᠭ ᠢ ᠴᠢᠷᠮᠠᠶᠢᠨ

ᠰᠠᠶᠢᠲᠤᠷ ᠬᠡᠷᠡᠭᠯᠡᠬᠦ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠠᠵᠢᠯ ᠢ

ᠴᠢᠬᠤᠯᠠᠴᠢᠯᠠᠨ ᠳᠡᠮᠵᠢᠵᠦ ᠬᠠᠮᠵᠢᠯᠴᠠᠨ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠲᠠᠢ ᠬᠠᠮᠲᠤ ᠪᠠᠷ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ

ᠬᠥᠮᠦᠵᠢᠯ ᠴᠡᠭᠴᠡᠯᠡᠯᠲᠡ ᠶᠢᠨ ᠡᠨᠡ ᠬᠦ ᠪᠡᠷᠬᠡ ᠬᠠᠲᠠᠭᠤᠵᠢᠯᠲᠠᠢ ᠪᠥᠭᠡᠳ ᠢᠷᠠᠭᠤ ᠠᠯᠳᠠᠷᠲᠠᠢ ᠲᠡᠦᠬᠡᠲᠦ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠬᠦ ᠶᠢ ᠬᠦᠰᠡᠵᠦ

ᠪᠠᠶᠢᠨ᠎ᠠ ᠭᠡᠵᠦ ᠴᠢᠬᠤᠯᠠᠴᠢᠯᠠᠪᠠ᠃

4.jpg

 

      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ

ᠳᠤᠭᠤᠶᠢᠯᠠᠩ ᠤᠨ ᠬᠢᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠪᠢᠳᠡ ᠯᠠᠪᠲᠠᠶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂

ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠦ᠂ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ

ᠰᠠᠶᠢᠲᠤᠷ ᠥᠷᠨᠢᠭᠦᠯᠬᠦ ᠶᠢ ᠦᠨᠡᠨ ᠬᠦ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠪᠣᠯᠭᠠᠠ᠂ ᠦᠵᠡᠯ ᠰᠠᠨᠠᠭ᠎ᠠ ᠪᠣᠯᠤᠨ ᠦᠢᠯᠡ

ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ

ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠡᠯ᠎ᠡ ᠵᠦᠢᠯ ᠤᠨ ᠠᠵᠢᠯ ᠤᠨ

ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠨ᠂

ᠲᠥᠪ ᠴᠢᠩᠭ᠎ᠠ ᠨᠠᠷᠢᠨ ᠬᠢᠨᠠᠮᠠᠭᠠᠢ ᠣᠪᠣᠷ ᠢᠶᠠᠷ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨᠠᠯᠲᠠ ᠵᠢᠯᠤᠭᠤᠳᠤᠯᠭ᠎ᠠ ᠶᠢ ᠬᠦᠯᠢᠶᠡᠨ ᠠᠪᠴᠤ᠂

ᠯᠠᠪᠳᠠᠭᠤᠨ ᠪᠦᠲᠦᠮᠵᠢᠲᠡᠶ ᠠᠵᠢᠯᠯᠠᠭ᠎ᠠ ᠪᠠᠷ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠳᠡᠮᠵᠢᠨ ᠬᠠᠮᠵᠢᠯᠴᠠᠵᠤ᠂

ᠲᠥᠪ ᠤᠨ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠶ ᠰᠠᠶᠢᠲᠤᠷ

ᠠᠳᠬᠤᠨ᠂ ᠬᠥᠮᠦᠵᠢᠯ ᠴᠡᠭᠴᠡᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠪᠦᠬᠦ ᠬᠦᠴᠦᠨ ᠢᠶᠠᠷ ᠠᠬᠢᠭᠤᠯᠤᠨ᠎ᠠ ᠬᠡᠵᠥ ᠢᠯᠡᠳᠬᠡᠪᠡ᠃ ᠲᠡᠷᠡ᠂ ᠦᠵᠡᠯ ᠰᠠᠨᠠᠭ᠎ᠠ

ᠤᠯᠤᠰ ᠲᠦᠷᠦ ᠶᠢᠨ ᠵᠢᠯᠣᠭᠤᠳᠤᠮᠵᠢ ᠶᠢ ᠤᠯᠠᠮ ᠴᠢᠨᠠᠭᠰᠢᠳᠠ ᠴᠢᠩᠭᠠᠳᠬᠠᠵᠤ᠂ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ

ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠬᠤ ᠶᠢ ᠬᠦᠮᠦᠵᠢᠭᠦᠯᠦᠨ ᠵᠢᠯᠤᠭᠤᠳᠴᠤ᠂ ᠬᠦᠮᠦᠵᠢᠯ ᠴᠡᠭᠴᠡᠯᠡᠯᠳᠠ ᠳᠤ ᠣᠷᠣᠯᠴᠠᠬᠤ ᠤᠯᠤᠰ ᠲᠦᠷᠦ ᠶᠢᠨ ᠤᠬᠠᠮᠰᠠᠷ᠂

ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠢᠳᠤᠷᠭᠤ ᠴᠡᠪᠡᠷ ᠨᠠᠶᠢᠳᠠᠪᠤᠷᠢᠲᠠᠢ ᠪᠠᠶᠢᠬᠤ ᠡᠨᠡ ᠬᠦ

ᠦᠨᠳᠦᠰᠦᠨ ᠱᠠᠭᠠᠷᠳᠠᠯᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠤᠨ᠎ᠠ᠃ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠬᠤ

ᠬᠦᠨᠵᠡᠭᠡᠢ ᠪᠠᠶᠢᠴᠠᠭᠠᠨ ᠤᠢᠢᠯᠠᠭᠠᠬᠤ ᠠᠵᠢᠯ ᠢ ᠭᠦᠨᠵᠡᠭᠡᠢ ᠥᠷᠨᠢᠭᠦᠯᠵᠦ᠂ ᠭᠡᠮ ᠠᠷᠬᠠᠬ ᠢ ᠨᠢ ᠣᠨᠣᠪᠴᠢᠲᠠᠢ ᠡᠷᠢᠵᠦ᠂ ᠲᠥᠪᠯᠡᠷᠡᠭᠦᠯᠦᠨ ᠬᠦᠴᠦᠯᠡᠵᠦ ᠪᠠᠶᠢᠭᠠᠳ

ᠴᠡᠭᠴᠡᠯᠡᠨ ᠵᠠᠰᠠᠵᠤ᠂ ᠲᠤᠪᠤᠶᠢᠮ᠎ᠠ ᠠᠰᠠᠭᠤᠳᠠᠯ ᠢ ᠬᠦᠴᠦᠯᠡᠨ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠵᠤ᠂ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂

ᠠᠷᠬᠠᠭ ᠭᠡᠮ ᠢ ᠴᠡᠭᠴᠡᠯᠡᠨ ᠵᠠᠰᠠᠨ᠎ᠠ᠃ ᠠᠬᠢᠭᠤᠯᠬᠤ ᠶᠢᠨ ᠳᠠᠭᠠᠤ ᠳ᠋ᠦᠩᠨᠡᠵᠦ ᠳ᠋ᠦᠩᠨᠡᠬᠦ ᠶᠢᠨ ᠳᠠᠭᠠᠤ ᠳᠡᠭᠡᠭᠰᠢᠯᠡᠭᠦᠯᠬᠦ ᠶᠢ ᠪᠠᠷᠢᠮᠲᠠᠯᠠᠵᠤ᠂ ︽ᠳᠠᠷᠦ᠋ᠢᠬᠠᠨ ᠴᠡᠭᠴᠡᠯᠡᠨ

ᠰᠠᠶᠢᠵᠢᠷᠠᠭᠤᠯᠬᠤ︾ ᠪᠠ ︽ᠤᠷᠳᠤ ᠬᠤᠭᠤᠴᠠᠭ᠎ᠠ ᠪᠠᠷ ᠪᠠᠷᠢᠮᠳᠠᠯᠠᠬᠤ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠲᠣᠭᠲᠠᠭᠠᠬᠤ ᠪᠠ

ᠳ᠋ᠦᠩᠨᠡᠨ ᠦᠨᠡᠯᠡᠬᠦ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠦᠮᠦᠵᠢᠯ ᠴᠡᠭᠴᠡᠯᠡᠯᠳᠠ ᠶᠢᠨ ᠬᠠᠮ ᠦᠢᠯᠡᠳᠦᠯ ᠢ ᠬᠦᠴᠦᠯᠡᠨ ᠪᠤᠢ ᠪᠣᠯᠭᠠᠵᠤ ᠥᠷᠭᠡᠳᠬᠡᠨ᠎ᠠ᠃

ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠᠷ ᠵᠢᠯᠣᠭᠤᠳᠤᠮᠵᠢ ᠪᠣᠯᠭᠠᠵᠤ᠂ ᠬᠤᠶᠠᠷ ᠪᠦᠯᠦᠭ ᠤᠨ ᠬᠥᠮᠦᠵᠢᠯ ᠴᠡᠭᠴᠡᠯᠡᠯᠲᠡ ᠪᠠᠷ ᠳᠠᠮᠵᠢᠭᠤᠯᠤᠨ ᠪᠦᠷᠢᠯᠳᠦᠭᠰᠡᠨ

ᠪᠦᠲᠦᠮᠵᠢᠲᠡᠶ ᠠᠷᠭ᠎ᠠ ᠬᠡᠮᠵᠢᠶ᠎ᠡ ᠪᠠ ᠲᠣᠭᠲᠠᠴᠠ ᠶᠢ ᠭᠦᠶ᠋ᠴᠡᠳ ᠰᠠᠶᠢᠲᠤᠷ ᠬᠡᠷᠡᠭᠯᠡᠵᠦ᠂ ᠣᠷᠳᠣ ᠬᠤᠭᠤᠴᠠᠭᠠᠨ ᠤ ᠲᠤᠷᠰᠢ ᠪᠥᠬᠦ ᠣᠷᠣᠨ ᠤ ᠤᠯᠤᠰ ᠲᠥᠷᠥ ᠬᠠᠤᠯᠢ

ᠴᠠᠭᠠᠵᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ

ᠵᠦᠢᠯ ᠤᠨ ᠠᠵᠢᠯ ᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ

ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠨᠠᠩ ᠰᠠᠶᠢᠲᠤᠷ ᠪᠣᠶ ᠪᠣᠯᠭᠠᠨ᠎ᠠ ᠭᠡᠵᠦ ᠴᠢᠬᠤᠯᠠᠴᠢᠯᠠᠪᠠ᠃

      ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ

ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠨ ᠱᠤᠤ ᠴᠦᠨ᠂ ᠯᠢᠦ ᠴᠢ ᠹᠠᠨ᠂ ᠶᠠᠩ

ᠸᠧᠢ ᠳ᠋ᠦᠩ᠂ ᠾᠧᠩ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ

ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠠᠯᠪᠠᠨ ᠭᠡᠷ ᠤᠨ ᠳᠡᠳ᠋ ᠡᠷᠬᠢᠯᠡᠭᠴᠢ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ