ᠸᠠᠩ ᠯᠢ ᠰᠢᠶᠠ ᠬᠥᠯᠥᠨ ᠪᠤᠶᠢᠷ ᠬᠤᠳᠠ ᠳᠤ ᠬᠥᠯᠥᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠵᠠᠰᠠᠬᠤ ᠠᠭᠤᠷᠬᠠᠢ ᠶᠢᠨ ᠠᠮᠢ ᠠᠬᠤᠢ ᠶᠢ ᠰᠡᠷᠬᠦᠬᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/7

      9 ᠰᠠᠷ᠎ᠠ ᠶᠢᠨ 5 ᠠᠴᠠ 6 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠥᠯᠥᠨ ᠪᠤᠶᠢᠷ ᠬᠤᠳᠠ ᠳᠤ ᠭᠦᠨᠵᠡᠭᠡᠶᠢᠷᠡᠨ ᠬᠥᠯᠥᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠵᠠᠰᠠᠬᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ᠂ ᠸᠠᠺᠼᠢᠨ ᠤ ᠲᠠᠷᠢᠯᠭ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠬᠡᠵᠥ ᠴᠢᠬᠤᠯᠠᠴᠢᠯᠠᠪᠠ᠃


0907王莉霞在呼伦贝尔市调研呼伦湖生态环境保护治理矿山修复等工作.jpg


      ᠬᠥᠯᠥᠨ ᠨᠠᠭᠤᠷ ᠪᠣᠯ ᠥᠪᠥᠷ ᠮᠣᠩᠭᠤᠯ ᠤᠨ ᠬᠠᠮᠤᠭ ᠤᠨ ᠶᠡᠭᠡ ᠨᠠᠭᠤᠷ ᠪᠣᠯᠤᠨ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠬᠥᠯᠥᠨ ᠨᠠᠭᠤᠷ ᠤᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠰᠠᠭᠠᠷ ᠢᠷᠡᠪᠡ᠃ ᠸᠠᠩ ᠯᠢ ᠰᠢᠶᠠ ᠬᠥᠯᠥᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ᠂ ᠬᠥᠯᠥᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠵᠠᠰᠠᠬᠤ ᠠᠵᠢᠯ ᠢ ᠭᠦᠨᠵᠡᠭᠡᠢ ᠣᠶᠢᠯᠠᠭᠠᠵᠤ᠂ ᠬᠥᠯᠥᠨ ᠨᠠᠭᠤᠷ ᠤᠨ ᠪᠠᠭ᠎ᠠ ᠴᠢᠳᠬᠤᠯᠠᠩ ᠳᠤ ᠬᠦᠷᠴᠦ ᠨᠠᠭᠤᠷ ᠤᠨ ᠤᠰᠤᠨ ᠤ ᠴᠢᠨᠠᠷ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠦ ᠵᠠᠰᠠᠬᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠸᠢᠳᠢᠣ᠋ ᠬᠢᠨᠠᠨ ᠡᠵᠡᠮᠳᠡᠬᠦᠷ ᠢᠶᠠᠷ ᠬᠠᠮᠠᠭᠠᠯᠠᠯᠲᠠ ᠶᠢᠨ ᠣᠷᠣᠨ ᠤ ᠲᠤᠬᠠᠢ ᠶᠢᠨ ᠴᠠᠭ ᠤᠨ ᠪᠠᠶᠢᠳᠠᠯ ᠢ ᠦᠵᠡᠵᠥ᠂ ᠬᠥᠯᠥᠨ ᠪᠤᠶᠢᠷ ᠬᠤᠳᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠥᠯᠥᠨ ᠨᠠᠭᠤᠷ ᠤᠨ ᠬᠠᠮᠠᠭᠠᠯᠠᠯᠲᠠ ᠶᠢᠨ ᠰᠢᠰᠲ᠋ᠧᠮᠵᠢᠭᠰᠡᠨ ᠵᠠᠰᠠᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠶᠢ ᠬᠦᠰᠡᠪᠡ᠃ ᠲᠡᠷᠡ᠂ ᠬᠥᠯᠥᠨ ᠨᠠᠭᠤᠷ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠵᠢᠭᠦᠯᠦᠨ᠂ ᠰᠢᠰᠲ᠋ᠧᠮ ᠲᠠᠢ ᠪᠠᠷ ᠰᠡᠷᠭᠦᠭᠡᠨ ᠵᠠᠰᠠᠵᠤ᠂ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢ ᠲᠣᠭᠲᠠᠪᠤᠷᠢᠵᠢᠭᠤᠯᠤᠨ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃
      ᠵᠠᠯᠠᠶᠢᠨᠠᠭᠤᠷ ᠤᠨ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠯᠢᠩ ᠴᠢᠤᠸᠠᠨ ᠵᠠᠳᠠᠭᠠᠢ ᠠᠭᠤᠷᠬᠠᠢ ᠳᠤ᠂ ᠸᠠᠩ ᠯᠢ ᠰᠢᠶᠠ ᠠᠭᠤᠷᠬᠠᠢ ᠶᠢᠨ ᠠᠮᠢ ᠠᠬᠤᠢ ᠶᠢ ᠰᠡᠷᠬᠦᠬᠡᠨ ᠵᠠᠰᠠᠬᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠬᠢᠨ ᠢ ᠰᠡᠷᠬᠦᠬᠡᠨ ᠵᠠᠰᠠᠬᠰᠠᠨ ᠦᠷ᠎ᠡ ᠪᠦᠲᠦᠭᠡᠯ ᠢᠶᠠᠨ ᠰᠠᠶᠢᠲᠤᠷ ᠠᠰᠢᠬᠯᠠᠵᠤ᠂ ᠠᠮᠢ ᠠᠬᠤᠢ ᠶᠢᠨ ᠦᠷᠳᠡᠭ ᠢ ᠠᠵᠤ ᠠᠬᠤᠢ ᠶᠢᠨ ᠦᠷᠳᠡᠭ ᠪᠣᠯᠭᠠᠨ ᠬᠤᠪᠢᠷᠠᠭᠤᠯᠬᠤ ᠶᠢ ᠬᠦᠰᠡᠪᠡ᠃ ᠸᠠᠩ ᠯᠢ ᠰᠢᠶᠠ ᠵᠠᠳᠠᠭᠠᠢ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠳᠠᠯᠠᠵᠥ᠂ ᠰᠢᠰᠲ᠋ᠧᠮ ᠲᠠᠢ ᠰᠡᠷᠭᠦᠭᠡᠵᠥ᠂ ᠶᠡᠷᠦᠩᠬᠡᠶᠢᠯᠡᠨ ᠵᠠᠰᠠᠵᠥ᠂ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃
      ᠣᠳᠣᠬᠠᠨ ᠳᠤ᠂ ᠮᠠᠨ ᠤ ᠣᠷᠣᠨ ᠤ ᠡᠯ᠎ᠡ ᠭᠠᠵᠠᠷ ᠤᠨ ᠬᠢᠨ ᠸᠠᠺᠼᠢᠨ ᠤ ᠲᠠᠷᠢᠯᠭ᠎ᠠ ᠬᠢᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ ᠪᠣᠶ᠃ ᠸᠠᠩ ᠯᠢ ᠰᠢᠶᠠ ᠬᠠᠶᠢᠯᠠᠷ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠸᠠᠺᠼᠢᠨ ᠤ ᠲᠠᠷᠢᠯᠭ᠎ᠠ ᠬᠢᠬᠦ ᠴᠡᠭ ᠲᠤ ᠬᠦᠷᠴᠦ᠂ ᠪᠦᠷᠢᠳᠬᠡᠭᠦᠯᠬᠦ᠂ ᠲᠠᠷᠢᠯᠭ᠎ᠠ ᠬᠢᠬᠦ᠂ ᠦᠯᠡᠳᠡᠭᠡᠨ ᠠᠵᠢᠬᠯᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠦᠪᠴᠢ ᠶᠢ ᠴᠠᠭ ᠢᠮᠠᠭᠲᠠ ᠴᠢᠩᠭᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠤ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ ᠶᠢ ᠰᠤᠯᠠᠷᠠᠭᠤᠯᠤᠯ ᠦᠭᠡᠢ ᠦᠷᠬᠦᠯᠵᠢᠯᠡᠨ ᠪᠠᠷᠢᠮᠲᠠᠯᠠᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ︽ᠲᠦᠷᠪᠡᠨ ᠡᠷᠳᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃


0907王莉霞在呼伦贝尔市调研呼伦湖生态环境保护治理矿山修复等工作2.jpg

0907王莉霞在呼伦贝尔市调研呼伦湖生态环境保护治理矿山修复等工作3.jpg


      ᠥᠪᠥᠷ ᠮᠣᠩᠭᠤᠯ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠲᠤ᠂ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠤᠤᠯ ᠲᠠᠯᠠᠪᠤᠷ ᠣᠷᠳᠣᠨ ᠤ ᠪᠥᠲᠥᠭᠡᠨ ᠪᠠᠶᠢᠭᠤᠯᠤᠯᠲᠠ᠂ ᠤᠷᠤᠯᠳᠤᠭᠠᠨ ᠢ ᠳᠠᠭᠠᠭᠠᠴᠢᠯᠠᠨ ᠡᠷᠭᠢᠯᠡᠬᠦ᠂ ᠡᠵᠡᠩᠨᠡᠯᠲᠡ ᠬᠠᠮᠠᠭᠠᠯᠠᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠮᠥᠰᠥᠨ ᠳᠡᠪᠦᠷ᠎ᠡ᠂ ᠮᠥᠰᠥᠨ ᠪᠥᠮᠪᠦᠭᠡ᠂ ᠣᠶᠢᠷ᠎ᠠ ᠵᠠᠢ ᠶᠢᠨ ᠲᠦᠷᠭᠡᠨ ᠲᠡᠰᠢᠯᠲᠡ ᠵᠡᠷᠭᠡ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠣᠯᠪᠠᠰᠤᠷᠠᠯ ᠢ ᠰᠣᠨᠢᠷᠬᠠᠵᠤ᠂ ᠳᠠᠰᠬᠠᠯᠵᠢᠭᠤᠯᠤᠭᠴᠢ ᠪᠠ ᠳᠠᠮᠢᠷᠴᠢᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠮᠥᠰᠥ ᠴᠠᠰᠤᠨ ᠤ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠥᠰᠥ ᠴᠠᠰᠤᠨ ᠤ ᠪᠡᠶ᠎ᠠ ᠶᠢᠨ ᠲᠠᠮᠢᠷ ᠤᠨ ᠬᠥᠳᠡᠯᠭᠡᠭᠡᠨ ᠢ ᠳᠥᠷᠪᠡᠨ ᠤᠯᠠᠷᠢᠯ ᠲᠡᠶᠢᠰᠢ ᠲᠠᠰᠤᠷᠠᠯᠲᠠ ᠥᠬᠡᠶ ᠥᠷᠭᠡᠳᠬᠡᠬᠦ ᠶᠢ ᠠᠬᠢᠭᠤᠯᠵᠤ᠂ ᠮᠥᠰᠥ ᠴᠠᠰᠤᠨ ᠤ ᠠᠵᠤ ᠦᠢᠯᠡᠰ ᠪᠣᠯᠤᠨ ᠬᠠᠮᠢᠶ᠎ᠠ ᠪᠥᠬᠦᠶ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠪᠡᠶᠡᠯᠡᠭᠦᠯᠵᠦ᠂ ᠮᠥᠰᠥ ᠴᠠᠰᠤᠨ ᠤ ᠠᠵᠤ ᠦᠢᠯᠡᠰ ᠢ ᠬᠥᠯᠥᠨ ᠪᠤᠶᠢᠷ ᠲᠤ ᠦᠨᠡᠨ ᠬᠦ ᠬᠥᠭᠵᠢᠶᠡᠨᠲᠡᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃


0907王莉霞在呼伦贝尔市调研呼伦湖生态环境保护治理矿山修复等工作4.jpg

0907王莉霞在呼伦贝尔市调研呼伦湖生态环境保护治理矿山修复等工作5.jpg


      ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ᠬᠥᠯᠥᠨ ᠪᠤᠶᠢᠷ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠭᠦᠨᠵᠡᠭᠡᠶᠢᠷᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠠᠵᠤ ᠠᠬᠤᠶᠢᠯᠠᠯ᠂ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠣᠷᠴᠢᠨ ᠨᠦᠬᠦᠴᠡᠯ ᠢᠶᠠᠷ ᠭᠠᠵᠠᠷ ᠣᠷᠣᠨ ᠤ ᠨᠡᠩ ᠰᠠᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ