ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯ ᠬᠤᠷᠠᠯᠳᠤᠪᠠ  ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠢ 9 ᠰᠠᠷ᠎ᠠ ᠶᠢᠨ 9  ᠤ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2021/9/7
      9 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠬᠥᠬᠡᠬᠤᠲᠠ ᠳᠤ ᠬᠤᠷᠢ ᠶᠢᠰᠦᠳᠦᠭᠡᠷ ᠬᠤᠷᠠᠯ ᠢᠶᠠᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
自治区十三届人大常委会召开第二十九次会议.jpg
      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 63 ᠪᠦᠷᠢᠯᠳᠦᠬᠦᠨ ᠲᠠᠢ᠂ 57 ᠬᠥᠮᠦᠨ ᠲᠣᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢᠶᠠᠨ ᠰᠤ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠶ᠃      ᠠᠩᠬᠠᠳᠤᠭᠠᠷ ᠪᠥᠬᠦᠳᠡ ᠬᠤᠷᠠᠯ ᠠᠴᠠ ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠴᠢ᠊ ᠪᠠᠲᠤ ᠪᠣᠯᠤᠨ ᠯᠢᠶᠠᠨ ᠰᠤ᠋ ᠶᠢᠨ ᠲᠣᠰ ᠲᠣᠰ ᠲᠠᠭᠠᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠦᠰ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠦᠨ ᠸᠧᠢ ᠳ᠋ᠦᠩ ᠤᠨ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃
2.jpg
      ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠢ ᠬᠤᠷᠠᠯᠳᠤᠭᠤᠯᠬᠤ ᠲᠤᠬᠠᠶ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ  ᠢ 9 ᠰᠠᠷ᠎ᠠ ᠶᠢᠨ 9 ᠤ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠵᠥᠪᠯᠡᠬᠦ ᠵᠦᠢᠯᠡᠰ ᠤᠨ ᠲᠥᠰᠦᠯ᠂ ᠡᠳᠦᠷ ᠤᠨ ᠳᠠᠷᠠᠭᠠᠯᠠᠯ ᠤᠨ ᠲᠥᠰᠦᠯ ᠵᠡᠷᠭᠡ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠲᠡᠪᠰᠢᠬᠦᠯᠦᠨ ᠬᠢᠨᠡᠨ ᠵᠦᠪᠯᠡᠬᠦ ᠬᠤᠯᠪᠤᠬᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ︽ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠨ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ  ᠠᠴᠠ ᠨᠢ ᠪᠠᠭᠤᠯᠭᠠᠬᠤ ᠵᠦᠢᠯᠡᠰ ᠢ ᠬᠢᠨᠠᠨ ᠵᠥᠪᠯᠡᠵᠦ ᠪᠠᠲᠤᠯᠠᠪᠠ᠃      ᠱᠢ ᠲᠠᠢ ᠹᠧᠩ ᠵᠧᠩ ᠳ᠋ᠦᠩ ᠪᠥᠸᠧ᠂ ᠵᠧᠩ ᠶᠢᠨ ᠴᠦᠨ᠂ ᠯᠢᠦ ᠲᠢᠩ ᠬᠤᠢ᠂ ᠳ᠋ᠠᠢ ᠸᠧᠢ ᠭᠦᠸᠧ᠂ ᠢᠦᠢ ᠴᠦᠨ ᠬᠤᠸᠠ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃
3.jpg
      9 ᠰᠠᠷ᠎ᠠ ᠶᠢᠨ 6 ᠤ ᠦᠳᠡ ᠶᠢᠨ ᠡᠮᠦᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢ ᠶᠢᠰᠦᠳᠦᠭᠡᠷ ᠬᠤᠷᠠᠯ ᠦᠨᠳᠦᠰᠤᠨ ᠬᠠᠤᠯᠢ ᠳᠤ ᠲᠠᠩᠭᠠᠷᠢᠬᠯᠠᠬᠤ ᠶᠤᠰᠤᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠶᠤᠰᠤᠯᠠᠯ ᠢ ᠡᠷᠬᠢᠯᠡᠵᠥ ᠲᠠᠩᠭᠠᠷᠢᠬᠯᠠᠬᠤ ᠶᠢ ᠬᠢᠨᠠᠪᠠ᠃ ᠵᠢᠷᠤᠭ ᠪᠤᠯ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠬᠠᠤᠯᠢ ᠶᠤᠰᠤᠭᠠᠷ ᠦᠨᠳᠦᠰᠦᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ᠃     ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠬᠯᠠᠪᠠ᠃     ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠢ ᠬᠤᠷᠠᠯᠳᠤᠭᠤᠯᠬᠤ ᠪᠣᠯ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠪᠣᠯᠤᠨ᠎ᠠ᠂ ᠶᠡᠭᠡ ᠬᠤᠷᠠᠯ ᠤᠨ ᠪᠡᠯᠡᠳᠬᠡᠯ ᠳᠤᠭᠤᠶᠢᠯᠠᠩ ᠤᠨ ᠬᠢᠨ ᠲᠤᠰ ᠤᠳᠠᠭᠠᠨ ᠤ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠶᠢ ᠦᠷᠭᠦᠯᠵᠢᠯᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠴᠠᠭ ᠢ ᠠᠮᠵᠢᠨ ᠵᠣᠬᠢᠶᠠᠨ ᠪᠠᠶᠢᠭᠤᠯᠬᠤ ᠪᠡᠯᠡᠳᠬᠡᠯ ᠠᠵᠢᠯ ᠢ ᠳᠠᠬᠢᠨ ᠪᠠᠶᠢᠴᠠᠭᠠᠵᠤ᠂ ᠳᠠᠬᠢᠨ ᠱᠠᠯᠠᠪᠳᠠᠭᠤᠯᠤᠨ ᠱᠠᠭᠠᠷᠳᠠᠵᠤ᠂ ᠳᠠᠬᠢᠨ ᠨᠠᠶᠢᠳᠠᠪᠤᠷᠢᠵᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠲᠠᠷᠠᠭᠠᠴᠢ ᠶᠢᠨ ᠪᠡᠯᠡᠳᠬᠡᠯ ᠠᠵᠢᠯ ᠢ ᠰᠠᠶᠢᠲᠤᠷ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢ ᠲᠦᠢᠯ ᠤᠨ ᠣᠨᠣᠪᠴᠢᠲᠠᠶ ᠪᠠᠷ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠰᠠᠶ᠋ᠢᠬᠠᠨ ᠲᠡᠭᠦᠰᠦᠭᠰᠡᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠣᠯ ᠨᠠᠮ ᠤᠨ ᠲᠥᠪ ᠬᠤᠷᠢᠶᠠᠨ ᠤ ︽ᠬᠤᠣᠰ ᠵᠠᠭᠤᠨ ᠵᠢᠯ︾  ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠲᠤ ᠬᠤᠷᠠᠯᠳᠤᠭᠤᠯᠤᠭᠰᠠᠨ ᠨᠢᠭᠡ ᠤᠳᠠᠭᠠᠨ ᠤ ᠮᠠᠰᠢ ᠴᠢᠬᠤᠯᠠ ᠬᠤᠷᠠᠯ ᠪᠣᠯᠤᠨ᠎ᠠ᠃ ᠬᠤᠷᠠᠯ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠦ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠢᠳᠠᠡ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠨ ᠦᠭᠴᠦ᠂ ᠦᠨᠳᠦᠰᠦᠨ ᠵᠢᠷᠤᠮᠯᠠᠯ ᠬᠠᠩᠭᠠᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠣᠨᠣᠪᠴᠢᠲᠠᠢ ᠤᠢᠢᠯᠠᠭᠠᠨ ᠡᠵᠡᠮᠳᠡᠵᠦ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠡᠨᠡ ᠬᠦ ᠴᠢᠬᠤᠯᠠ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ ᠠᠵᠢᠯ ᠢᠶᠠᠨ ᠥᠷᠨᠢᠭᠦᠯᠵᠦ᠂ ᠮᠠᠨ  ᠤ ᠣᠷᠣᠨ ᠤ ᠦᠨᠳᠦᠰᠦᠲᠡᠨ ᠤ ᠠᠵᠢᠯ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠬᠦᠷᠢᠶᠡᠨ ᠳᠤ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ ᠠᠵᠢᠯ ᠢ ᠪᠣᠯᠭᠤᠮᠵᠢᠲᠠᠶ ᠯᠠᠪᠳᠠᠭᠤᠨ ᠢᠶᠠᠷ ᠰᠠᠶᠢᠲᠤᠷ ᠬᠢᠵᠦ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠦ᠂ ᠮᠠᠨ ᠤ ᠣᠷᠣᠨ ᠤ ᠦᠨᠳᠦᠰᠦᠲᠡᠨ  ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠴᠢᠳᠠᠪᠤᠷᠢ ᠪᠠ ᠲᠦᠪᠰᠢᠨ ᠢ ᠲᠠᠰᠤᠷᠠᠯᠲᠠᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠤᠰ ᠤᠳᠠᠭᠠᠨ ᠤ ᠬᠤᠷᠠᠯ ᠲᠡᠭᠡᠷ᠎ᠡ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠨᠥᠬᠦᠳ ᠢ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ᠂ ᠠᠷᠠᠳ ᠤᠨ ᠲᠥᠯᠥᠭᠡ ᠬᠢᠴᠢᠶᠡᠨ ᠴᠢᠷᠮᠠᠶᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ᠂ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ᠂ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ