ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠲᠤᠭ᠎ᠠ ᠪᠠᠷᠢᠮᠲᠠ ᠶᠢ ᠬᠤᠯᠪᠣᠨ ᠨᠡᠪᠲᠡᠷᠡᠭᠦᠯᠵᠦ ᠬᠠᠮᠲᠤ ᠪᠠᠷ ᠡᠳ᠋ᠯᠡᠬᠦ ᠶᠢ ᠠᠬᠢᠭᠤᠯᠵᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠠᠶᠢᠵᠢᠷᠠᠭᠤᠯᠬᠤ ᠶᠢ ᠴᠢᠬᠤᠯᠠ ᠠᠴᠠ ᠴᠢᠬᠤᠯᠠ ᠪᠠᠴᠢᠮ ᠠᠴᠠ ᠪᠠᠴᠢᠮ ᠶᠠᠪᠤᠳᠠᠯ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠵᠥ ᠦᠷ᠎ᠡ ᠪᠦᠲᠦᠮᠵᠢ ᠭᠠᠷᠭᠠᠬᠤ ᠬᠡᠷᠡᠭᠲᠡᠶ
ᠨᠡᠶᠢᠲᠡᠯᠡᠭᠰᠡᠨ ᠴᠠᠭ᠄
2021/9/8

      9 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠭᠦᠨᠵᠡᠭᠡᠶᠢᠷᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠲᠤᠭ᠎ᠠ ᠪᠠᠷᠢᠮᠲᠠ ᠶᠢ ᠬᠤᠯᠪᠣᠨ ᠨᠡᠪᠲᠡᠷᠡᠭᠦᠯᠵᠦ ᠬᠠᠮᠲᠤ ᠪᠠᠷ ᠡᠳ᠋ᠯᠡᠬᠦ ᠶᠢ ᠠᠬᠢᠭᠤᠯᠬᠤ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠠᠶᠢᠵᠢᠷᠠᠭᠤᠯᠬᠤ ᠶᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠠᠴᠠ ᠴᠢᠬᠤᠯᠠ᠂ ᠪᠠᠴᠢᠮ ᠠᠴᠠ ᠪᠠᠴᠢᠮ ᠶᠠᠪᠤᠳᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠲᠣᠭᠠᠴᠢᠯᠠᠭᠰᠠᠨ ᠠᠷᠭ᠎ᠠ ᠪᠠᠷᠢᠯ ᠢ ᠭᠦᠢᠴᠡᠳ ᠬᠡᠷᠡᠭᠯᠡᠨ ᠮᠠᠨ ᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠳᠤᠴᠠ ᠶᠢ ᠲᠦᠷᠭᠡᠳᠬᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃


石泰峰在自治区自然资源厅和政务服务局调研优化营商环境工作时强调.jpg


      ᠱᠢ ᠲᠠᠢ ᠹᠧᠩ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠬᠦᠷᠴᠦ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ ᠵᠦᠢᠯᠡᠰ ᠢ ᠭᠦᠢᠴᠡᠳᠬᠡᠭᠰᠡᠨ ᠪᠠᠶᠢᠳᠠᠯ ᠪᠣᠯᠤᠨ ᠰᠢᠰᠲ᠋ᠧᠮ ᠤᠨ ᠠᠵᠢᠯᠯᠠᠭᠠᠨ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠲᠤᠬᠠᠶᠢᠯᠠᠭᠰᠠᠨ ᠠᠵᠢᠯ ᠤᠨ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︽ᠣᠯᠠᠨ ᠬᠡᠮᠵᠢᠯᠲᠡ ᠶᠢ ᠨᠢᠭᠡᠳᠬᠡᠬᠦ︾᠂ ᠣᠷᠣᠨ ᠪᠦᠰᠡ ᠶᠢᠨ ᠦᠨᠡᠯᠡᠨ ᠵᠢᠱᠢᠯᠳᠡ ᠵᠡᠷᠭᠡ ᠠᠵᠢᠯ ᠪᠣᠯᠤᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠢ ᠭᠦᠨᠵᠡᠭᠡᠶ ᠣᠶᠢᠯᠠᠭᠠᠵᠤ᠂ ᠲᠤᠬᠠᠶ ᠶᠢᠨ ᠲᠠᠯᠠᠪᠠᠶ ᠳᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢᠨ ᠦᠵᠡᠭᠦᠯᠭᠡ ᠶᠢ ᠦᠵᠡᠪᠡ᠃ ᠲᠡᠷᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠨᠠᠩ ᠣᠯᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ᠂ ᠬᠠᠷᠢᠭᠤ ᠲᠤᠰᠬᠠᠬᠤ ᠶᠢ ᠠᠬᠢᠭᠤᠯᠵᠤ᠂ ᠪᠠᠷᠢᠮᠵᠢᠶ᠎ᠠ ᠲᠠᠢ ᠵᠢᠷᠤᠮᠵᠢᠯ ᠲᠠᠢ᠂ ᠢᠯᠡ ᠲᠣᠳᠣ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠬᠡᠬᠦ ᠶᠢ ᠪᠡᠶᠡᠯᠡᠭᠦᠯᠵᠦ᠂ ᠦᠨᠡᠨ ᠬᠦ ᠮᠡᠳᠡᠭᠡ ᠵᠠᠩᠭᠢᠵᠢᠯᠲᠠ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠡᠷᠬᠡ ᠪᠠᠷ ᠢᠶᠠᠨ ᠠᠰᠢᠭ ᠬᠥᠭᠡᠭᠡᠴᠡᠯᠳᠦᠬᠦ ᠶᠢ ᠡᠷᠡᠰ ᠬᠤᠷᠢᠬᠯᠠᠬᠤ ᠬᠡᠷᠡᠭᠲᠡᠶ᠃ ᠰᠢᠰᠲ᠋ᠧᠮ ᠤᠨ ᠲᠠᠪᠴᠠᠩ ᠤᠨ ᠰᠡᠷᠡᠮᠵᠢᠯᠡᠭᠦᠯᠬᠦ ᠴᠢᠳᠠᠮᠵᠢ ᠶᠢ ᠳᠡᠬᠡᠭᠰᠢᠯᠡᠬᠦᠯᠬᠦ ᠶᠢ ᠴᠢᠬᠤᠯᠠᠴᠢᠯᠠᠵᠥ᠂ ᠬᠡᠪ ᠤᠨ ᠪᠤᠰᠤ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ ᠢᠯᠡᠷᠡᠭᠦᠯᠬᠦ ᠶᠢᠨ ᠬᠠᠮᠲᠤ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ ᠬᠡᠵᠥ ᠴᠢᠬᠤᠯᠠᠴᠢᠯᠠᠪᠠ᠃


2.jpg


3.jpg


      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ᠂ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ᠂ ︽ᠮᠥᠩᠬᠡ ᠰᠤᠪᠠᠭ · ᠨᠢᠬᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠳᠤ ᠬᠠᠪᠰᠤᠷᠤᠨ ᠭᠦᠢᠴᠡᠳᠬᠡᠬᠦ︾ ᠠᠵᠢᠯ ᠢ ᠠᠬᠢᠭᠤᠯᠤᠭᠰᠠᠨ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠵᠤ᠂ ᠴᠤᠩᠬᠤᠪᠴᠢ ᠶᠢᠨ ᠠᠵᠢᠯᠲᠠᠨ ᠪᠣᠯᠤᠨ ᠠᠵᠢᠯ ᠶᠠᠪᠤᠳᠠᠯ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠭᠦᠢᠴᠡᠳᠬᠡᠭᠰᠡᠨ ᠵᠦᠢᠯᠡᠰ ᠵᠢᠴᠢ ᠲᠥᠬᠦᠮ ᠤᠨ ᠬᠡᠮᠵᠢᠶ᠎ᠡ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠲᠤᠭ᠎ᠠ ᠪᠠᠷᠢᠮᠲᠠ ᠶᠢᠨ ᠰᠢᠰᠲ᠋ᠧᠮ ᠤᠨ ᠲᠠᠪᠴᠠᠩ ᠠᠴᠠ ᠠᠶᠢᠮᠠᠭ ᠬᠤᠲᠠ ᠪᠣᠯᠤᠨ ᠲᠢᠩᠬᠢᠮ ᠲᠣᠪᠴᠢᠶ᠎ᠠ ᠶᠢᠨ ᠪᠠᠶᠢᠴᠠᠭᠠᠵᠤ ᠪᠣᠯᠬᠤ᠂ ᠭᠦᠢᠴᠡᠳᠬᠡᠵᠦ ᠪᠣᠯᠬᠤ ᠵᠦᠢᠯᠡᠰ ᠤᠨ ᠵᠢᠭᠰᠠᠭᠠᠯᠲᠠ ᠶᠢᠨ ᠪᠠᠶᠢᠳᠠᠯ ᠢ ᠲᠠᠰᠢᠷᠠᠮ ᠢᠶᠠᠷ ᠰᠤᠭᠤᠴᠢᠨ ᠪᠠᠶᠢᠴᠠᠭᠠᠪᠠ᠃ ᠵᠠᠷᠢᠮ ᠰᠠᠯᠠᠭ᠎ᠠ ᠮᠥᠴᠢᠷ ᠨᠢᠭᠡᠴᠢ ᠶᠢᠨ ᠰᠢᠰᠲ᠋ᠧᠮ ᠮᠥᠨ ᠬᠦ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠠᠴᠠ ᠭᠠᠳᠠᠭᠤᠷ ᠠᠵᠢᠯᠯᠠᠵᠤ᠂ ᠦᠢᠯᠡᠴᠢᠯᠡᠭᠡᠨ ᠤ ᠵᠠᠭᠪᠤᠷ ᠨᠢ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠪᠡᠶᠡᠯᠡᠭᠦᠯᠦᠭᠡᠳᠦᠶ ᠪᠠᠶᠢᠬᠤ ᠶᠢ ᠣᠶᠢᠯᠠᠭᠠᠵᠤ ᠮᠡᠳᠡᠭᠡᠳ ᠱᠢ ᠲᠠᠢ ᠹᠧᠩ᠂ ᠮᠠᠨ ᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠵᠠᠪᠠᠯ ᠶᠡᠭᠡ ᠬᠦᠴᠦ ᠣᠷᠣᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠶᠢᠨ ᠱᠠᠲᠤᠨ ᠳᠤ ᠤᠷᠤᠪᠠ᠂ ᠤᠷᠤᠭᠰᠢᠯᠠᠬᠤ ᠥᠬᠡᠶ ᠪᠣᠯ ᠲᠦᠯᠬᠢᠭᠳᠡᠨ ᠤᠬᠤᠷᠢᠵᠥ᠂ ᠤᠳᠠᠭᠠᠨ ᠤᠷᠤᠭᠰᠢᠯᠠᠬᠤ ᠨᠢ ᠴᠦ ᠤᠬᠤᠷᠢᠵᠥ ᠪᠠᠶᠢᠬᠤ ᠶᠠᠪᠤᠳᠠᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠤᠴᠢᠷ ᠶᠠᠪᠤᠳᠠᠯ ᠰᠢᠢᠳᠪᠦᠷᠢᠯᠡᠬᠦ ᠳᠤ ᠳᠦᠬᠦᠮ᠂ ᠤᠴᠢᠷ ᠶᠠᠪᠤᠳᠠᠯ ᠰᠢᠢᠳᠪᠦᠷᠢᠯᠡᠬᠦ ᠳᠤ ᠬᠢᠯᠪᠠᠷ︾ ᠪᠠᠶᠢᠬᠤ ᠵᠠᠷᠴᠢᠮ ᠢ ᠪᠠᠷᠢᠮᠲᠠᠯᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠤᠯᠢᠳᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ᠂ ᠴᠢᠳᠠᠮᠵᠢ ᠶᠢ ᠲᠡᠭᠦᠯᠳᠡᠷᠵᠢᠭᠦᠯᠬᠦ᠂ ᠬᠡᠷᠡᠭᠯᠡᠭᠡ ᠶᠢ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ ᠢᠯᠡᠭᠦᠬᠡᠨ ᠬᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠵᠦ᠂ ︽ᠲᠤᠭᠠᠴᠢᠯᠠᠯᠳᠠ ᠳᠡᠭᠡᠷᠡᠬᠢ ᠬᠡᠯᠪᠡᠷᠢᠴᠢ ᠦᠵᠡᠯ︾ ᠢ ᠡᠷᠡᠰ ᠰᠡᠷᠭᠡᠶᠢᠯᠡᠬᠦ ᠬᠡᠷᠡᠭᠲᠡᠢ ᠬᠡᠵᠥ ᠴᠢᠩᠭ᠎ᠠ ᠵᠢᠭᠠᠵᠥ ᠭᠠᠷᠭᠠᠪᠠ᠃


4.jpg


      ᠳᠠᠷᠠᠭ᠎ᠠ ᠨᠢ ᠱᠢ ᠲᠠᠢ ᠹᠧᠩ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠶᠢᠨ ᠬᠠᠷᠢᠭᠤᠴᠠᠯᠭᠠᠲᠠᠨ ᠨᠥᠬᠦᠳ ᠤᠨ ᠦᠪᠠᠷ ᠦᠪᠠᠷᠰᠡᠳ ᠤᠨ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠳᠡᠭᠡᠷ᠎ᠡ᠂ ᠰᠠᠯᠠᠭ᠎ᠠ ᠮᠥᠴᠢᠷ ᠨᠢᠭᠡᠴᠢ ᠶᠢᠨ ᠬᠢᠨ ᠬᠠᠷᠢᠭᠤ ᠮᠡᠳᠡᠭᠦᠯᠬᠦ ᠪᠦᠷᠢ ᠱᠢ ᠲᠠᠢ ᠹᠧᠩ ᠬᠤᠯᠪᠣᠭᠳᠠᠯ ᠪᠥᠬᠦᠶ ᠨᠠᠷᠢᠨ ᠵᠦᠢᠯᠡᠰ ᠢ ᠠᠰᠠᠭᠤᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠨᠡᠬᠡᠮᠵᠢᠯᠡᠨ ᠠᠰᠠᠭᠤᠵᠤ᠂ ᠭᠤᠤᠯ ᠪᠣᠯᠬᠤ ᠠᠰᠠᠭᠤᠳᠠᠯ ᠪᠠ ᠬᠡᠮ ᠰᠣᠭᠤᠭ ᠢ ᠰᠢᠭᠤᠳ ᠵᠢᠭᠠᠵᠦ ᠭᠠᠷᠭᠠᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠥᠪ ᠴᠢᠩᠭ᠎ᠠ ᠪᠠᠷ ᠳᠤᠷᠠᠳᠴᠠᠶ᠃ ᠲᠡᠷᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠬᠦᠯᠬᠦ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠠᠰᠠᠭᠤᠳᠠᠯ ᠠᠴᠠ ᠡᠭᠦᠰᠬᠦ᠂ ᠠᠷᠠᠳ ᠲᠦᠮᠡᠨ ᠤ ᠲᠥᠯᠥᠭᠡ ᠪᠣᠳᠣᠯᠬᠢᠯᠠᠵᠤ᠂ ᠬᠥᠭᠵᠢᠯᠲᠡ ᠶᠢᠨ ᠲᠥᠯᠥᠭᠡ ᠪᠣᠳᠣᠯᠬᠢᠯᠠᠵᠤ᠂ ᠠᠯᠤᠰ ᠬᠡᠳᠤ ᠶᠢᠨ ᠲᠦᠯᠦᠭᠡ ᠪᠤᠳᠤᠯᠬᠢᠯᠠᠵᠦ ᠪᠠᠶᠢᠭᠠᠳ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠣᠯᠤᠨ ᠪᠣᠳᠠᠲᠤ ᠵᠥᠷᠢᠶ᠎ᠡ ᠶᠢ ᠰᠡᠷᠭᠡᠭ ᠢᠶᠠᠷ ᠲᠠᠨᠢᠵᠤ᠂ ᠣᠯᠠᠨ ᠲᠦᠮᠡᠨ ᠢ ᠬᠠᠨᠤᠮᠵᠢᠲᠠᠶ ᠪᠠᠶᠢᠯᠭᠠᠬᠤ᠂ ᠠᠵᠤ ᠠᠬᠤᠶᠢᠯᠠᠯ ᠢ ᠬᠠᠨᠤᠮᠵᠢᠲᠠᠶ ᠪᠠᠶᠢᠯᠭᠠᠬᠤ ᠬᠠᠷᠠᠯᠲᠠ ᠶᠢᠨ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠤᠨ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠶᠡᠭᠡ ᠬᠦᠴᠦ ᠣᠷᠣᠭᠤᠯᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠬᠤ ᠬᠡᠷᠡᠭᠲᠡᠶ᠃ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠡᠷᠡᠰ ᠡᠪᠳᠡᠵᠦ᠂ ︽ᠲᠤᠭ᠎ᠠ ᠪᠠᠷᠢᠮᠲᠠ ᠶᠢᠨ ᠬᠤᠯᠠᠩ︾ ᠢ ᠨᠤᠷᠠᠭᠠᠵᠤ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠪᠠᠷ ᠭᠠᠷᠳᠡᠴᠡ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠤ ᠣᠷᠣᠭᠤᠯᠵᠤ ᠰᠦᠯᠵᠢᠶᠡᠵᠢᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠦᠯᠵᠢᠶ᠎ᠡ ᠪᠠᠷ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠱᠠᠯᠠᠪᠳᠠᠭᠤᠯᠤᠨ ᠰᠢᠯᠢᠳᠡᠭᠵᠢᠭᠦᠯᠵᠤ᠂ ︽ᠮᠥᠩᠬᠡ ᠰᠤᠪᠠᠭ︾ ᠤᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠤ ᠠᠷᠠᠳ ᠲᠦᠮᠡᠨ ᠳᠤ ᠲᠦᠬᠦᠮ ᠦᠵᠡᠬᠦᠯᠬᠦ ᠬᠡᠷᠡᠭᠲᠡᠶ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠶᠡᠭᠡ ᠪᠠᠷ ᠬᠡᠷᠡᠭᠵᠢᠭᠦᠯᠦᠨ᠂ ᠬᠢᠨᠠᠨ ᠵᠥᠪᠰᠢᠶᠡᠷᠡᠭᠰᠡᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠠᠷᠢᠯᠭ᠎ᠠ ᠶᠢᠨ ᠬᠢᠨᠠᠨ ᠵᠥᠪᠰᠢᠶᠡᠷᠡᠬᠦ ᠪᠥᠬᠦ ᠶᠠᠪᠤᠴᠠ᠂ ᠪᠥᠬᠦ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠶ᠃ ᠴᠠᠬᠢᠯᠭᠠᠨ ᠬᠠᠩᠭᠠᠬᠤ᠂ ᠤᠰᠤ ᠬᠠᠩᠭᠠᠬᠤ᠂ ᠰᠢᠲᠠᠮᠠᠬᠠᠶ ᠬᠡᠶ ᠬᠠᠩᠭᠠᠬᠤ᠂ ᠢᠯᠴᠢ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠮᠡᠳᠡᠭᠦᠯᠦᠨ ᠤᠭᠰᠠᠷᠠᠬᠤ ᠵᠠᠯᠭᠠᠨ ᠣᠷᠣᠭᠤᠯᠬᠤ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ︽ᠨᠢᠭᠡ ᠥᠷᠲᠡᠭᠡᠴᠢᠯᠡᠭᠰᠡᠨ ᠮᠠᠶ᠋ᠢᠭ︾ ᠢᠶᠠᠷ ᠲᠥᠪᠯᠡᠷᠡᠭᠦᠯᠦᠨ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠢᠳᠡᠪᠬᠢᠲᠡᠶ ᠠᠬᠢᠭᠤᠯᠬᠤ ᠬᠡᠷᠡᠭᠲᠡᠶ᠃ ᠲᠤᠭ᠎ᠠ ᠪᠠᠷᠢᠮᠲᠠ ᠶᠢ ᠰᠣᠯᠢᠯᠴᠠᠵᠤ ᠬᠠᠮᠲᠤ ᠪᠠᠷ ᠡᠳ᠋ᠯᠡᠬᠦ ᠲᠠᠪᠴᠠᠩ ᠳᠤ ᠲᠦᠰᠢᠭᠯᠡᠨ ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠬᠤᠷᠠᠮᠳᠤᠭᠤᠯᠤᠨ ᠠᠭᠤᠰᠤᠯᠴᠠᠭᠤᠯᠵᠤ᠂ ᠪᠦᠲᠦᠮᠵᠢᠲᠡᠶ ᠠᠰᠢᠬᠯᠠᠨ᠂ ᠡᠯᠧᠺᠲᠷᠣᠨ ᠭᠡᠷᠡᠴᠢ ᠦᠨᠡᠮᠯᠡᠯ ᠢ ᠥᠷᠭᠡᠳᠬᠡᠨ ᠬᠡᠷᠡᠭᠯᠡᠬᠦ ᠪᠠ ᠬᠠᠷᠢᠯᠴᠠᠨ ᠨᠡᠪᠲᠡᠷᠡᠭᠦᠯᠵᠦ ᠬᠠᠷᠢᠯᠴᠠᠨ ᠮᠡᠳᠡᠷᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ ᠶᠢ ᠨᠠᠩ ᠰᠠᠶᠢᠲᠤᠷ ᠪᠡᠶᠡᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠢᠨᠠᠨ ᠰᠢᠯᠭᠠᠵᠤ ᠦᠷ᠎ᠡ ᠪᠦᠲᠦᠮᠵᠢ ᠶᠢ ᠲᠤᠯᠭᠠᠬᠤ ᠪᠠ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠠᠯ᠎ᠠ ᠶᠢᠨ ᠬᠢᠨ ᠤ ᠦᠨᠡᠨ ᠬᠦ ᠬᠦᠴᠦᠳᠠᠢ ᠠᠳᠬᠤᠬᠤ᠂ ᠪᠣᠳᠠᠲᠠᠶ ᠠᠳᠬᠤᠬᠤ᠂ ᠴᠢᠩᠭ᠎ᠠ ᠠᠳᠬᠤᠬᠤ᠂ ᠲᠦᠷᠭᠡᠨ ᠠᠳᠬᠤᠬᠤ ᠶᠢ ᠠᠬᠢᠭᠤᠯᠵᠤ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ