ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 7 ᠤ ᠡᠳᠦᠷ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ ᠲᠠᠢ ᠤᠲᠠᠰᠤ ᠪᠠᠷ ᠶᠠᠷᠢᠯᠴᠠᠪᠠ᠃
ᠰᠢ ᠶᠢᠨ ᠫᠢᠩ ᠲᠠᠵᠢᠺᠰᠲ᠋ᠠᠨ ᠤ ᠬᠢᠨ ᠤ ᠤᠳᠠᠯ ᠦᠭᠡᠢ ᠲᠤᠰᠠᠭᠠᠷ ᠲᠣᠭᠲᠠᠨᠢᠬᠰᠡᠨ 30 ᠵᠢᠯ ᠤᠨ ᠤᠢ ᠪᠠᠨ ᠤᠬᠳᠤᠨ ᠠᠪᠬᠤ ᠭᠡᠵᠤ ᠪᠠᠶᠢᠭ᠎ᠠ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠣᠳᠣᠬᠠᠨ ᠳᠤ ᠳᠤᠮᠳᠠᠳᠤ ᠲᠠᠵᠢᠺᠰᠲ᠋ᠠᠨ ᠤ ᠬᠠᠷᠢᠯᠴᠠᠭ᠎ᠠ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠠᠶᠢᠨ᠎ᠡ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠭᠤᠤᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠵᠦ᠂ ᠥᠨᠳᠥᠷ ᠲᠦᠪᠰᠢᠨ ᠪᠥᠬᠦᠶ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠶᠢ ᠢᠯᠡᠷᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠨᠢᠭᠲᠠ ᠬᠠᠮᠲᠤᠷᠠᠯᠴᠠᠭ᠎ᠠ ᠥᠷᠨᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠬᠥᠷᠰᠢ ᠵᠡᠷᠭᠡᠯᠡᠳᠡᠭᠡ ᠶᠢᠨ ᠨᠥᠬᠦᠷᠯᠡᠯ ᠢ ᠢᠯᠡᠷᠡᠭᠦᠯᠵᠦ᠂ ᠬᠠᠷᠢᠯᠴᠠᠨ ᠲᠦᠰᠢᠭᠯᠡᠯᠴᠡᠵᠦ ᠪᠣᠯᠬᠤ ᠰᠠᠶᠢᠨ ᠬᠠᠨᠢᠲᠠᠨ ᠪᠣᠯᠤᠨ᠎ᠠ᠃ ᠢᠷᠡᠬᠦ ᠵᠢᠯ ᠳᠤᠮᠳᠠᠳᠤ ᠲᠠᠵᠢᠺᠰᠲ᠋ᠠᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠨ ᠤᠭᠲᠤᠬᠤ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠬᠠᠮᠲᠤ ᠪᠠᠷ ᠴᠢᠷᠮᠠᠶᠢᠵᠤ᠂ ᠪᠠᠶᠠᠯᠢᠭ ᠠᠭᠤᠯᠤᠭᠳᠠᠬᠤᠨ ᠪᠦᠬᠦᠢ ᠬᠥᠭᠵᠢᠯᠲᠡ ᠶᠢᠨ ᠬᠠᠮᠲᠤ ᠴᠣᠭᠴᠠ ᠶᠢ ᠪᠠᠶᠢᠭᠤᠯᠵᠤ᠂ ᠡᠪᠳᠡᠷᠡᠰᠢ ᠦᠭᠡᠢ ᠪᠠᠲᠤ ᠪᠠᠬᠢ ᠠᠮᠤᠷ ᠲᠦᠪᠰᠢᠨ ᠤ ᠬᠠᠮᠲᠤ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠦᠷᠭᠦᠯᠵᠢᠯᠡᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠳᠦᠬᠡᠨ ᠪᠠᠶᠢᠭᠤᠯᠬᠤ ᠪᠠᠷ ᠭᠤᠣᠯ ᠰᠢᠵᠢᠮ ᠪᠣᠯᠭᠠᠵᠤ᠂ ᠠᠵᠤ ᠠᠬᠤᠢ ᠠᠷᠠᠯᠵᠢᠶ᠎ᠠ᠂ ᠬᠤᠯᠪᠣᠯᠳᠤᠨ ᠨᠡᠪᠲᠡᠷᠡᠯᠴᠡᠬᠦ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠤᠶ᠎ᠠ᠃ ᠳᠤᠮᠳᠠᠳᠤ ᠶᠢᠨ ᠲᠠᠯ᠎ᠠ ᠳᠤᠮᠳᠠᠳᠤ ᠤᠯᠤᠰ ᠤᠨ ᠠᠵᠤ ᠠᠬᠤᠶᠢᠯᠠᠯ ᠤᠨ ᠲᠠᠵᠢᠺᠰᠲ᠋ᠠᠨ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠵᠤ᠂ ᠳᠤᠷᠠᠲᠠᠶ᠎ᠠ ᠲᠠᠵᠢᠺᠰᠲ᠋ᠠᠨ ᠤ ᠪᠣᠬᠢᠷᠲᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠬᠤ ᠬᠡᠪᠴᠢᠶ᠎ᠠ ᠶᠢ ᠥᠷᠭᠡᠳᠬᠡᠨ᠎ᠡ᠃ ᠬᠤᠶᠠᠷ ᠲᠠᠯ᠎ᠠ ᠪᠠᠷ ᠢᠶᠠᠨ ᠬᠢᠯᠢ ᠶᠢᠨ ᠪᠣᠭᠤᠮᠲᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠲᠠᠵᠢᠺᠰᠲ᠋ᠠᠨ ᠤ ᠪᠠᠷᠠᠭᠠᠨ ᠤ ᠲᠡᠭᠡᠭᠡᠪᠦᠷᠢ ᠶᠢᠨ ᠭᠤᠤᠯ ᠵᠠᠮ ᠱᠤᠭᠤᠮ ᠤᠨ ᠥᠨᠳᠥᠷ ᠪᠦᠲᠦᠮᠵᠢᠲᠡᠢ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠵᠢᠭ ᠲᠠᠢ ᠲᠡᠮᠡᠴᠡᠬᠦ ᠶᠢ ᠦᠷᠭᠦᠯᠵᠢᠯᠡᠨ ᠳᠡᠮᠵᠢᠵᠦ᠂ ᠬᠤᠶᠠᠷ ᠤᠯᠤᠰ ᠤᠨ ᠡᠮᠴᠢᠯᠡᠭᠡ ᠠᠨᠠᠭᠠᠬᠤ ᠤᠬᠠᠭᠠᠨ ᠤ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠤ ᠴᠢᠬᠤᠯᠠᠴᠢᠯᠠᠪᠠ᠃
ᠰᠢ ᠶᠢᠨ ᠫᠢᠩ᠂ ᠳᠤᠮᠳᠠᠳᠤ ᠤᠯᠤᠰ ᠲᠠᠵᠢᠺᠰᠲ᠋ᠠᠨ ᠤ ᠬᠢᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠥᠷᠨᠢᠭᠦᠯᠦᠭᠰᠡᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠠᠵᠢᠺᠰᠲ᠋ᠠᠨ ᠤ ᠬᠢᠨ ᠤ ᠲᠡᠷᠢᠭᠦᠯᠡᠭᠴᠢ ᠤᠯᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦ ᠪᠠᠷ ᠢᠶᠠᠨ ᠳᠡᠮᠵᠢᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ 20 ᠵᠢᠯ ᠤᠨ ᠤᠢ ᠶᠢ ᠳᠤᠷᠠᠰᠬᠠᠬᠤ ᠲᠦᠷᠦᠭᠦᠴᠦᠳ ᠤᠨ ᠬᠤᠷᠠᠯ ᠢ ᠰᠠᠶᠢᠲᠤᠷ ᠡᠷᠬᠢᠯᠡᠬᠦ ᠶᠢᠨ ᠬᠠᠮᠲᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠦᠷᠢᠯᠳᠦᠬᠦᠨ ᠤᠯᠤᠰ ᠤᠳ ᠤᠨ ᠪᠦᠯᠬᠦᠮᠳᠡᠯ ᠢᠲᠡᠭᠡᠯᠴᠡᠭᠡ ᠶᠢ ᠨᠡᠮᠡᠭᠳᠡᠭᠦᠯᠵᠦ᠂ ᠠᠮᠤᠷ ᠲᠦᠪᠰᠢᠨ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠨ᠎ᠡ ᠭᠠᠷᠤᠭ᠎ᠠ ᠳᠡᠭᠡᠷ᠎ᠡ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠯᠠᡁᠧᠮᠧᠩ᠂ ᠲᠠᠵᠢᠺᠰᠲ᠋ᠠᠨ ᠳᠤᠮᠳᠠᠳᠤ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠷᠢᠯᠴᠠᠭ᠎ᠠ ᠦᠷᠭᠦᠯᠵᠢᠯᠡᠨ ᠲᠣᠭᠲᠠᠭᠤᠨ ᠢᠶᠠᠷ ᠬᠥᠭᠵᠢᠵᠦ ᠪᠠᠶᠢᠨ᠎ᠠ᠃ ᠠᠭᠤᠤ ᠶᠡᠭᠡ ᠨᠥᠬᠦᠷᠰᠡᠭ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠲᠠᠵᠢᠺᠰᠲ᠋ᠠᠨ ᠤ ᠬᠢᠨ ᠳᠤ ᠬᠠᠷᠠᠮ ᠦᠭᠡᠢ ᠴᠢᠩ ᠦᠨᠡᠨᠴᠢ ᠬᠠᠪᠰᠤᠷᠤᠯᠭ᠎ᠠ ᠦᠵᠡᠭᠦᠯᠦᠭᠰᠡᠨ ᠳᠤ ᠲᠠᠵᠢᠺᠰᠲ᠋ᠠᠨ ᠤ ᠬᠢᠨ ᠲᠠᠯᠠᠷᠬᠠᠵᠤ ᠪᠠᠶᠢᠨ᠎ᠠ᠂ ᠢᠯᠠᠩᠭᠤᠶ᠎ᠠ ᠳᠤᠮᠳᠠᠳᠤ ᠤᠯᠤᠰ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠴᠠᠬ ᠲᠤᠬᠠᠢ ᠳᠤᠨᠢ ᠬᠠᠩᠭᠠᠭᠰᠠᠨ ᠲᠤᠰᠠᠯᠠᠮᠵᠢ ᠨᠢ ᠲᠠᠵᠢᠺᠰᠲ᠋ᠠᠨ ᠤ ᠬᠢᠵᠢᠭ ᠲᠠᠢ ᠲᠡᠮᠡᠴᠡᠬᠦ ᠠᠵᠢᠯ ᠢ ᠬᠦᠴᠦᠲᠡᠢ ᠳᠡᠮᠵᠢᠪᠡ᠃ ᠲᠠᠵᠢᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ᠂ ᠠᠵᠤ ᠠᠬᠤᠢ ᠠᠷᠠᠯᠵᠢᠶ᠎ᠠ᠂ ᠠᠮᠤᠷ ᠲᠦᠪᠰᠢᠨ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠲᠠᠵᠢᠺᠰᠲ᠋ᠠᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠳᠤ ᠰᠢᠨ᠎ᠡ ᠠᠭᠤᠯᠤᠭᠳᠠᠬᠤᠨ ᠨᠡᠮᠡᠷᠢᠯᠡᠨ᠎ᠡ᠃ ᠳᠤᠮᠳᠠᠳᠤ ᠤᠯᠤᠰ ᠲᠠᠵᠢᠺᠰᠲ᠋ᠠᠨ ᠤ ᠬᠢᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠡᠷᠢᠭᠦᠯᠡᠭᠴᠢ ᠤᠯᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠶᠡᠭᠡ ᠪᠠᠷ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠤᠬᠠᠢ ᠦᠷᠭᠦᠯᠵᠢᠯᠡᠨ ᠨᠢᠭᠲᠠ ᠬᠠᠮᠵᠢᠯᠴᠠᠨ᠎ᠠ ᠭᠡᠵᠦ ᠢᠯᠡᠳᠭᠡᠪᠡ᠃
ᠬᠤᠶᠠᠷ ᠲᠠᠯ᠎ᠠ ᠪᠠᠷ ᠢᠶᠠᠨ ᠪᠠᠰᠠ ᠠᠹᠭᠠᠨᠢᠰᠲ᠋ᠠᠨ ᠤ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠰᠦᠷᠳᠡᠭᠦᠯᠦᠯ ᠢ ᠡᠰᠡᠷᠭᠦᠴᠡᠬᠦ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠬᠤ ᠶᠢ ᠵᠥᠪᠰᠢᠶᠡᠷᠡᠪᠡ᠃ ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 7 ᠤ ᠴᠠᠬᠢᠯᠭᠠᠨ ᠮᠡᠳᠡᠭᠡ︶