ᠸᠠᠩ ᠯᠢ ᠰᠢᠶᠠ ᠰᠤᠷᠭᠠᠭᠤᠯᠢ ᠨᠤᠭᠤᠳ ᠢᠶᠠᠷ ᠡᠷᠬᠢᠨ ᠦᠵᠡᠵᠥ ᠲᠣᠬᠤᠨᠢᠭᠤᠯᠤᠨ ᠪᠦᠬᠦ ᠣᠷᠣᠨ ᠤ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠬᠦᠨᠳᠦᠳᠬᠡᠯ ᠳᠡᠪᠰᠢᠭᠦᠯᠪᠡ
ᠨᠡᠶᠢᠲᠡᠯᠡᠭᠰᠡᠨ ᠴᠠᠭ᠄
2021/9/9

      ᠭᠤᠴᠢᠨ ᠲᠤᠯᠤᠳᠠᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 8 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠪᠠᠶᠢᠳᠠᠯ ᠢ ᠣᠶᠢᠯᠠᠭᠠᠵᠤ᠂ ᠪᠠᠭᠰᠢ ᠨᠠᠷ ᠤᠨ ᠲᠥᠯᠥᠭᠡᠯᠡᠭᠴᠢᠳ ᠢ ᠳᠣᠲᠣᠨᠣ ᠪᠠᠷ ᠡᠷᠬᠢᠨ ᠦᠵᠡᠵᠥ ᠲᠣᠬᠤᠨᠢᠭᠤᠯᠤᠨ᠂ ᠲᠡᠳᠡᠨ ᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠪᠦᠬᠦ ᠣᠷᠣᠨ ᠤ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠬᠦᠨᠳᠦᠳᠬᠡᠯ ᠳᠡᠪᠰᠢᠭᠦᠯᠪᠡ᠃

1.jpg


      ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠭᠤᠣᠯᠳᠠᠯᠭ᠎ᠠ ᠲᠠᠢ ᠳᠤᠮᠳᠠᠳᠤ ᠰᠤᠷᠭᠠᠭᠤᠯᠢ ᠪᠣᠯᠤᠨ᠎ᠠ᠃ ᠸᠠᠩ ᠯᠢ ᠰᠢᠶᠠ ᠰᠤᠷᠭᠠᠭᠤᠯᠢ ᠳᠤ ᠬᠦᠷᠴᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠰᠤᠷᠭᠠᠭᠤᠯᠢ ᠶᠢᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠦᠢᠯᠡᠳᠦᠯᠭᠡ ᠶᠢᠨ ᠰᠠᠭᠤᠷᠢᠨ ᠪᠣᠯᠤᠨ ᠵᠣᠬᠢᠶᠠᠮᠠᠯ ᠤᠶᠤᠨ ᠴᠢᠳᠠᠪᠤᠷᠢ ᠶᠢᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠳᠤ ᠬᠦᠷᠴᠦ᠂ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠵᠢᠴᠢ ᠰᠢᠨ᠎ᠡ ᠶᠢ ᠡᠭᠦᠳᠬᠦ ᠦᠢᠯᠡᠳᠦᠯᠭᠡ ᠶᠢᠨ ᠠᠵᠢᠯᠯᠠᠭ᠎ᠠ ᠦᠷᠨᠢᠬᠦᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠪᠠᠭᠰᠢ ᠨᠠᠷ ᠲᠠᠢ ᠳᠣᠲᠣᠨᠣ ᠪᠠᠷ ᠶᠠᠷᠢᠯᠴᠠᠪᠠ᠃        ︽ᠪᠠᠭᠰᠢ ᠶᠢᠨ ᠪᠠᠶᠠᠷ ᠤᠨ ᠡᠳᠦᠷ ᠤᠨ ᠮᠡᠨᠳᠤᠴᠢᠯᠡᠯ ᠬᠦᠷᠭᠡᠶ᠎ᠠ︾᠃ ᠭᠦᠸᠧ ᠷᠦᠢ ᠪᠢᠩ ᠪᠠᠭᠰᠢ ᠲᠠᠢ ᠠᠭᠤᠯᠵᠠᠬᠤ ᠳᠠᠭᠠᠨ᠂ ᠸᠠᠩ ᠯᠢ ᠰᠢᠶᠠ ᠲᠡᠭᠦᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠲᠡᠭᠦᠨ ᠤ ᠠᠮᠢᠳᠤᠷᠠᠯ ᠪᠠ ᠠᠵᠢᠯ ᠤᠨ ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ ᠪᠥᠬᠦ ᠣᠷᠣᠨ ᠤ ᠥᠷᠭᠡᠨ ᠣᠯᠠᠨ ᠪᠠᠭᠰᠢ ᠨᠠᠷ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠣᠭ ᠰᠠᠨᠠᠭ᠎ᠠ ᠪᠠᠨ ᠥᠯᠥ ᠮᠠᠷᠲᠠᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠵᠦ᠂ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠭᠠᠷᠠᠢ ᠭᠡᠵᠦ ᠵᠣᠷᠢᠭᠵᠢᠭᠤᠯᠪᠠ᠃

2.jpg

 

      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠮᠦᠨ᠎ᠡ ᠲᠣᠭᠤᠷᠢᠭ ᠲᠤ᠂ ᠸᠠᠩ ᠯᠢ ᠰᠢᠶᠠ ᠮᠤᠵᠢ ᠶᠠᠮᠤᠨ ᠤ ᠬᠠᠮᠲᠤ ᠪᠠᠷ ᠪᠠᠶᠢᠭᠤᠯᠤᠭᠰᠠᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠦᠷᠡᠵᠢᠯ ᠢ ᠲᠤᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠳᠠᠯ ᠢ ᠨᠠᠷᠢᠨ ᠤᠢᠢᠯᠠᠭᠠᠭᠰᠠᠠ ᠪᠥᠭᠡᠳ ᠬᠤ᠋ ᠸᠧᠢ ᠫᠷᠤᠹᠧᠰᠰᠤᠷ ᠵᠢᠴᠢ ᠲᠡᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠠᠵᠢᠯᠲᠠᠳ ᠢ ᠡᠷᠬᠢᠨ ᠦᠵᠡᠵᠦ ᠲᠣᠬᠤᠨᠢᠭᠤᠯᠪᠠ᠃ ᠸᠠᠩ ᠯᠢ ᠰᠢᠶᠠ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠬᠢᠬᠦ ᠳᠡᠭᠡᠨ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ ᠵᠠᠰᠠᠭ ᠤᠨ ᠣᠷᠳᠣᠨ᠂ ᠰᠤᠷᠭᠠᠭᠤᠯᠢ᠂ ᠨᠡᠶᠢᠭᠡᠮ ᠢᠶᠠᠷ ᠢᠶᠠᠨ ᠬᠠᠮᠵᠢᠯᠴᠠᠨ ᠬᠠᠪᠰᠤᠷᠤᠯᠴᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ ᠶᠢ ᠨᠢᠭᠡ ᠴᠤᠬᠴᠠᠵᠢᠭᠤᠯᠤᠨ ᠠᠬᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠮᠠᠨ ᠤ ᠣᠷᠣᠨ ᠳᠤ ᠣᠨᠳᠣᠣᠰᠢᠭᠤᠯᠤᠨ ᠨᠤᠳᠤᠬᠰᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠬᠢᠨ ᠴᠢᠳᠠᠪᠤᠷᠢᠲᠠᠨ ᠢ ᠲᠠᠲᠠᠵᠤ᠂ ᠴᠢᠳᠠᠪᠤᠷᠢᠲᠠᠨ ᠢ ᠦᠯᠡᠳᠡᠭᠡᠵᠤ᠂ ᠴᠢᠳᠠᠪᠤᠷᠢᠲᠠᠨ ᠢ ᠬᠥᠮᠦᠵᠢᠭᠦᠯᠵᠤ᠂ ᠴᠢᠳᠠᠪᠤᠷᠢᠲᠠᠨ ᠢ ᠰᠠᠶᠢᠲᠤᠷ ᠭᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠳᠠᠬᠢ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠣᠷᠣᠨ ᠨᠤᠲᠤᠭ ᠪᠠ ᠠᠵᠤ ᠦᠢᠯᠡᠰ ᠤᠨ ᠬᠡᠷᠡᠭᠴᠡᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠵᠤ᠂ ᠰᠤᠳᠤᠯᠭᠠᠨ ᠤ ᠰᠡᠳᠦᠪ ᠲᠥᠷᠥᠯ ᠵᠦᠢᠯ ᠡᠷᠢᠵᠦ᠂ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠦᠨ᠂ ᠥᠭᠦᠯᠡᠯ ᠢᠶᠠᠨ ᠡᠭᠡ ᠤᠯᠤᠰ ᠤᠨ ᠢᠶᠠᠨ ᠡᠭᠡ ᠭᠠᠵᠠᠷ ᠲᠤ ᠪᠢᠴᠢᠵᠦ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠭᠤᠤ ᠶᠡᠭᠡ ᠦᠢᠯᠡᠰ ᠤᠨ ᠳᠤᠮᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠬᠦ ᠬᠡᠷᠡᠭᠲᠡᠢ ᠭᠡᠵᠦ ᠬᠡᠯᠡᠪᠡ᠃

      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ