ᠱᠢ ᠲᠠᠢ ᠹᠧᠩ ᠵᠢᠩ ᠢᠦᠢ ᠯᠢᠤᠢ ᠮᠠ ᠮᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤᠩ ᠴᠢᠩ ᠬᠤᠸᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2021/9/9

      9 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠵᠢᠩ ᠢᠦᠢ ᠯᠢᠤᠢ ᠮᠠ ᠮᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤᠩ ᠴᠢᠩ ᠬᠤᠸᠠ ᠨᠠᠷ ᠲᠠᠢ ᠠᠭᠤᠯᠵᠠᠪᠠ᠃


2-1.jpg


      ᠬᠤᠩ ᠴᠢᠩ ᠬᠤᠸᠠ ᠨᠠᠷ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠳᠤ ᠱᠢ ᠲᠠᠢ ᠹᠧᠩ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠤᠨ ᠪᠠᠶᠢᠳᠠᠯ ᠵᠢᠴᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠳᠠᠨ ᠳᠤ ᠲᠣᠪᠴᠢᠬᠠᠨ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠵᠢᠭᠤᠯᠴᠢᠯᠠᠯ ᠤᠨ ᠡᠬᠢ ᠪᠠᠶᠠᠯᠢᠭ ᠮᠠᠰᠢ ᠡᠯᠪᠡᠭ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠢᠷᠡᠭᠡᠳᠦᠶ ᠥᠷᠭᠡᠨ ᠠᠭᠤᠳᠠᠮ᠂ ᠳᠠᠯᠳᠠ ᠬᠦᠴᠦᠨ ᠬᠢᠵᠠᠭᠠᠯᠠᠰᠢ ᠥᠬᠡᠶ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠲᠦᠷᠬᠡᠳᠭᠡᠨ ᠠᠬᠢᠭᠤᠯᠵᠤ᠂ ᠳᠤᠲᠠᠭᠤᠳᠠᠯ ᠢ ᠨᠥᠬᠦᠪᠥᠷᠢᠯᠡᠨ᠂ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠂ ᠰᠢᠨ᠎ᠡ ᠬᠥᠭᠵᠢᠯᠲᠡ ᠶᠢᠨ ᠱᠠᠲᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠰᠠᠨ ᠨᠠᠩ ᠣᠯᠠᠨ ᠴᠢᠨᠠᠷ ᠰᠠᠶᠢᠲᠠᠶ ᠦᠢᠯᠡᠳᠬᠦᠨ ᠪᠠ ᠦᠢᠯᠡᠴᠢᠯᠡᠭᠡ ᠶᠢ ᠬᠦᠴᠦᠯᠡᠨ ᠪᠤᠢ ᠪᠤᠯᠭᠠᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠦᠨᠡᠨ ᠬᠦ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠪᠢᠳᠡ ᠳᠤᠷᠠᠲᠠᠶ᠎ᠠ ᠵᠢᠩ ᠢᠦᠢ ᠯᠢᠤᠢ ᠮᠠ ᠮᠠ ᠪᠦᠯᠦᠭᠯᠡᠯ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠯᠤᠭ᠎ᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠬᠥᠭᠵᠢᠯᠲᠡ ᠳᠤ ᠯᠠᠪᠲᠠᠢ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠰᠢᠯᠢᠳᠡᠭ ᠦᠢᠯᠡᠴᠢᠯᠡᠭᠡ ᠬᠠᠩᠭᠠᠨ᠎ᠠ ᠭᠡᠵᠦ ᠬᠡᠯᠡᠪᠡ᠃
      ᠬᠤᠩ ᠴᠢᠩ ᠬᠤᠸᠠ᠂ ᠵᠢᠩ ᠢᠦᠶ ᠯᠢᠤᠢ ᠮᠠ ᠮᠠ ᠪᠦᠯᠦᠭᠯᠡᠯ ᠤᠨ ᠬᠢᠨ ᠳᠤᠷᠠᠲᠠᠶ᠎ᠠ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠴᠢᠯᠡᠭᠡᠨ ᠤ ᠳᠠᠪᠠᠭᠤᠯᠢᠭ ᠢᠶᠠᠨ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠯᠠᠪᠯᠠᠭ᠎ᠠ ᠲᠥᠯᠥᠪᠵᠢᠭᠦᠯᠭᠡ᠂ ᠠᠷᠭ᠎ᠠ ᠵᠠᠮ ᠢᠶᠠᠷ ᠵᠢᠭᠤᠯᠴᠢᠯᠠᠬᠰᠠᠳ ᠢ ᠬᠦᠷᠭᠡᠬᠦ᠂ ᠦᠵᠡᠮᠵᠢ ᠶᠢᠨ ᠣᠷᠣᠨ ᠳᠤ ᠪᠠᠯᠠ ᠣᠷᠣᠭᠤᠯᠤᠨ ᠡᠵᠡᠩᠨᠡᠬᠦ᠂ ᠰᠦᠯᠵᠢᠶᠡᠨ ᠤ ᠬᠠᠯᠠᠮᠰᠢᠯ ᠲᠥᠷᠥᠯ ᠵᠦᠢᠯ ᠢ ᠴᠤᠬᠴᠠᠯᠠᠬᠤ᠂ ᠣᠶᠤᠨᠳᠤ ᠵᠢᠭᠤᠯᠴᠢᠯᠠᠯ ᠢ ᠬᠦᠭᠵᠢᠬᠦᠯᠬᠦ ᠵᠡᠷᠭᠡ ᠲᠠᠯ᠎ᠠ ᠪᠠᠷ ᠥᠪᠥᠷ ᠮᠣᠩᠭᠤᠯ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠬᠡᠪ ᠳᠠᠭᠤᠷᠢᠶᠠᠯ ᠪᠤᠯᠬᠤᠢᠢᠴᠠ ᠲᠥᠷᠥᠯ ᠵᠦᠢᠯ ᠪᠠ ᠬᠥᠮᠦᠰ ᠤᠨ ᠬᠦᠰᠡᠨ ᠪᠡᠷᠡᠯᠡᠵᠦ ᠪᠠᠶᠢᠭ᠎ᠠ ᠵᠢᠭᠤᠯᠴᠢᠯᠠᠯ ᠤᠨ ᠵᠤᠷᠢᠯᠳᠠᠳᠦ ᠭᠠᠵᠠᠷ ᠢ ᠴᠣᠭᠴᠠᠯᠠᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠦᠬᠦᠳ ᠠᠭᠤᠯᠵᠠᠯᠲᠠ ᠳᠤ ᠣᠷᠣᠯᠴᠠᠵᠠᠶ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ