ᠱᠢ ᠲᠠᠢ ᠹᠧᠩ ᠪᠠᠭᠰᠢ ᠨᠠᠷ ᠤᠨ ᠲᠥᠯᠥᠭᠡᠯᠡᠭᠴᠢ ᠶᠢ ᠡᠷᠬᠢᠨ ᠦᠵᠡᠵᠦ ᠲᠣᠬᠤᠨᠢᠭᠤᠯᠤᠨ ᠪᠥᠬᠦ ᠣᠷᠣᠨ ᠤ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ
ᠨᠡᠶᠢᠲᠡᠯᠡᠭᠰᠡᠨ ᠴᠠᠭ᠄
2021/9/9
      ᠭᠤᠴᠢᠨ ᠳᠤᠯᠤᠳᠡᠬᠢ ᠪᠠᠭᠰᠢ ᠶᠢᠨ ᠪᠠᠶᠠᠷ ᠬᠦᠷᠴᠤ ᠢᠷᠡᠬᠦ ᠳᠠᠰᠢᠷᠠᠮ ᠢᠶᠠᠷ᠂ 9 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠬᠤᠸᠠᠩ ᠫᠢᠩ ᠫᠢᠩ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠲᠣᠭᠠᠨ ᠤ ᠤᠬᠠᠭᠠᠨ ᠤ ᠣᠨᠴᠠ ᠲᠠᠰ ᠤᠨ ᠪᠠᠭᠰᠢ ᠡᠷᠳᠡᠨᠢᠪᠠᠶᠠᠷ ᠪᠣᠯᠤᠨ ᠬᠥᠬᠡᠬᠤᠲᠠ ᠶᠢᠨ ᠶᠢᠨ ᠴᠢᠶᠣᠤ ᠪᠠᠭ᠎ᠠ ᠰᠤᠷᠭᠠᠭᠤᠯᠢ ᠶᠢᠨ ᠶᠣᠰᠣ ᠰᠤᠷᠳᠠᠬᠤᠨ ᠬᠢᠭᠡᠳ ᠬᠠᠤᠯᠢ ᠪᠠᠷ ᠵᠠᠰᠠᠬᠤ ᠬᠢᠴᠢᠶᠡᠯ ᠤᠨ ᠪᠠᠭᠰᠢ ᠶᠦᠨ ᠨᠠ ᠶᠢ ᠲᠣᠲᠣᠨᠣ ᠪᠠᠷ ᠡᠷᠬᠢᠨ ᠦᠵᠡᠵᠦ ᠲᠣᠬᠤᠨᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠪᠦᠬᠦ ᠣᠷᠣᠨ ᠤ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠴᠢᠩ ᠰᠡᠳᠬᠢᠯ ᠤᠨ ᠲᠣᠬᠤᠨᠢᠭᠤᠯᠤᠯ ᠬᠦᠷᠭᠡᠪᠡ᠃
3-1.jpg
3-2.jpg
      ᠬᠤᠸᠠᠩ ᠫᠢᠩ ᠫᠢᠩ ᠫᠷᠤᠹᠧᠰᠰᠤᠷ ᠪᠣᠯ ᠤᠯᠤᠰ ᠤᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠳᠠᠭᠠᠭᠤᠯᠤᠭᠴᠢ ᠴᠢᠳᠠᠪᠤᠷᠢᠲᠠᠨ ᠪᠣᠯᠤᠨ᠎ᠠ᠂ ᠪᠥᠬᠦ ᠣᠷᠣᠨ ᠤ ᠠᠩᠬᠠᠳᠠᠭᠴᠢ ᠷᠠᠳᠠᠷ ᠤᠨ ᠳᠣᠬᠢᠶ᠎ᠠ ᠰᠢᠢᠳᠪᠦᠷᠢᠯᠡᠬᠦ ᠪᠠ ᠪᠢᠴᠢᠯ ᠳᠣᠯᠭᠢᠶᠠᠨ ᠤ ᠠᠯᠤᠰ ᠰᠡᠷᠡᠯ ᠤᠨ ᠬᠡᠷᠡᠭᠯᠡᠭᠡᠨ ᠤ ᠰᠤᠳᠤᠯᠭᠠᠨ ᠤ ᠪᠦᠯᠬᠦᠮ ᠢ ᠵᠣᠬᠢᠶᠠᠨ ᠪᠠᠶᠢᠭᠤᠯᠵᠤ᠂ ᠣᠯᠠᠨ ᠵᠦᠢᠯ ᠤᠨ ᠰᠢᠨ᠎ᠡ ᠶᠢ ᠡᠭᠦᠳᠬᠦ ᠴᠢᠨᠠᠷᠲᠠᠶ ᠦᠷ᠎ᠡ ᠪᠦᠲᠦᠭᠡᠯ ᠣᠯᠵᠠᠶ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠷᠠᠳᠠᠷ ᠤᠨ ᠮᠡᠷᠭᠡᠵᠢᠯ ᠬᠢᠭᠡᠳ ᠬᠡᠷᠡᠭᠯᠡᠭᠡᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ᠂ ᠱᠢ ᠲᠠᠢ ᠹᠧᠩ ᠬᠤᠸᠠᠩ ᠫᠢᠩ ᠫᠢᠩ ᠫᠷᠤᠹᠧᠰᠰᠤᠷ ᠵᠢᠴᠢ ᠲᠡᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠬᠢ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠥᠷᠨᠢᠭᠦᠯᠦᠭᠰᠡᠨ ᠪᠠ ᠦᠷ᠎ᠡ ᠪᠦᠲᠦᠭᠡᠯ ᠢ ᠤᠨᠳᠤᠤᠰᠢᠭᠤᠯᠤᠬᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠷᠠᠳᠠᠷ ᠤᠨ ᠮᠡᠷᠭᠡᠵᠢᠯ ᠬᠢᠭᠡᠳ ᠬᠡᠷᠡᠭᠯᠡᠭᠡᠨ ᠤ ᠲᠤᠬᠠᠶ ᠶᠢᠨ ᠲᠠᠯᠠᠪᠠᠶ ᠶᠢᠨ ᠦᠵᠡᠭᠦᠯᠭᠡ ᠶᠢ ᠨᠠᠷᠢᠨ ᠬᠢᠨᠠᠮᠠᠭᠠᠶ ᠦᠵᠡᠪᠠ᠃ ᠲᠡᠷᠡ᠂ ᠲᠠᠨ ᠤ ᠡᠨᠡ ᠬᠦ ᠵᠠᠯᠠᠭᠤ ᠪᠦᠯᠬᠦᠮ ᠮᠠᠰᠢ ᠰᠢᠯᠢᠳᠡᠭ ᠪᠠᠶᠢᠨ᠎ᠠ᠂ ᠡᠳᠡᠭᠡᠷ ᠵᠢᠯ ᠤᠳ ᠲᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠷᠠᠳᠠᠷ ᠤᠨ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠳᠤ ᠣᠷᠣᠯᠴᠠᠵᠠᠢ᠂ ᠲᠠ ᠨᠠᠷ ᠤᠨ ᠣᠯᠤᠭᠰᠠᠨ ᠦᠷ᠎ᠡ ᠪᠦᠲᠦᠭᠡᠯ ᠳᠤ ᠪᠢ ᠮᠠᠰᠢ ᠪᠠᠶᠠᠷᠯᠠᠵᠤ ᠪᠠᠶᠢᠨ᠎ᠠ᠂ ᠲᠠ ᠨᠠᠷ ᠤᠨ ᠮᠡᠷᠭᠡᠵᠢᠯ ᠤᠨ ᠰᠤᠳᠤᠯᠤᠨ ᠨᠡᠬᠡᠬᠡᠯᠳᠡ ᠪᠠ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠠᠵᠤ ᠦᠢᠯᠡᠰᠵᠢᠯᠲᠡ‌‍ᠪᠠᠨ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠠᠶᠢᠯᠭᠠᠬᠤ ᠶᠢ ᠬᠦᠰᠡᠵᠦ ᠪᠠᠶᠢᠨ᠎ᠠ᠃ ᠪᠠᠭᠰᠢ ᠶᠢᠨ ᠪᠠᠶᠠᠷ ᠤᠨ ᠡᠳᠤᠷ ᠤᠳᠠᠯ ᠥᠬᠡᠶ ᠬᠦᠷᠴᠦ ᠢᠷᠡᠬᠦ ᠪᠣᠯᠤᠯ᠎ᠠ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠥᠯᠥᠭᠡᠯᠡᠨ ᠣᠯᠠᠨ ᠢ ᠡᠷᠬᠢᠨ ᠦᠵᠡᠵᠦ᠂ ᠲᠠ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠳᠤ ᠪᠠᠶᠠᠷ ᠬᠦᠷᠭᠡᠵᠦ ᠪᠠᠶᠢᠨ᠎ᠠ ᠬᠡᠪᠡ᠃ ᠲᠡᠷᠡ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠢᠨ ᠢ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠤᠷᠭᠠᠭᠤᠯᠢ ᠡᠷᠭᠢᠯᠡᠬᠦ ᠵᠥᠪ ᠴᠢᠭᠯᠡᠯ ᠢ ᠪᠠᠷᠢᠮᠲᠠᠯᠠᠨ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠶᠠᠰᠤ ᠴᠢᠨᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠣᠯᠠᠨ ᠵᠦᠢᠯ ᠤᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠥᠮᠴᠢᠯᠡᠬᠦ ᠶᠢ ᠬᠥᠭᠡᠭᠡᠴᠡᠯᠳᠦᠬᠦ ᠥᠬᠡᠶ᠂ ᠪᠠᠶᠢᠬᠤ ᠶᠢ ᠬᠥᠭᠡᠭᠡᠴᠡᠯᠳᠦᠬᠦ ᠥᠬᠡᠶ᠂ ᠬᠠᠷᠢᠨ ᠬᠡᠷᠡᠭᠯᠡᠭᠡ ᠶᠢ ᠴᠢᠬᠤᠯᠠᠴᠢᠯᠠᠬᠤ ᠬᠡᠷᠡᠭᠲᠡᠶ ᠬᠡᠵᠥ ᠴᠢᠬᠤᠯᠠᠴᠢᠯᠠᠪᠠ᠃
3-3.jpg
3-4.jpg
      ᠡᠷᠳᠡᠨᠢᠪᠠᠶᠠᠷ ᠪᠣᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠲᠣᠭᠠᠨ ᠤ ᠤᠬᠠᠭᠠᠨ ᠤ ᠣᠨᠴᠠ ᠳᠡᠰ ᠤᠨ ᠪᠠᠭᠰᠢ᠂ ︽ᠰᠤ᠋ ᠪᠦ᠋ ᠴᠢᠩ ᠤᠨ ᠲᠣᠭᠠᠨ ᠤ ᠤᠬᠠᠭᠠᠨ ᠤ ᠰᠤᠷᠭᠠᠨ ᠬᠥᠮᠦᠵᠢᠯ ᠤᠨ ᠱᠠᠩᠨᠠᠯ︾ ᠬᠦᠷᠳᠡᠭᠴᠢ ᠪᠣᠯᠤᠨ᠎ᠠ᠃ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ᠂ ᠡᠷᠳᠡᠨᠢᠪᠠᠶᠠᠷ ᠪᠠᠭᠰᠢ ᠸᠢᠳᠢᠣ᠋ ᠣᠬᠤᠷ ᠹᠢᠯᠢᠮ᠂ ᠵᠢᠭᠠᠬᠤ ᠪᠠᠭᠠᠵᠢ ᠶᠢᠨ ᠦᠵᠡᠭᠦᠯᠭᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠭᠠᠨ ᠤ ᠤᠬᠠᠭᠠᠨ ᠤ ᠲᠤᠷᠰᠢᠯᠲᠠ ᠶᠢᠨ ᠲᠠᠰᠤᠭ ᠢ ᠠᠰᠢᠬᠯᠠᠨ ᠵᠢᠭᠠᠨ ᠰᠤᠷᠭᠠᠯᠲᠠ ᠥᠷᠨᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠲᠠᠨᠢᠯᠴᠠᠭᠤᠯᠪᠠ᠃ ᠱᠢ ᠲᠠᠢ ᠹᠧᠩ᠂ ᠲᠠ ᠲᠣᠭᠠᠨ ᠤ ᠤᠬᠠᠭᠠᠨ ᠤ ᠲᠤᠷᠰᠢᠯᠲᠠ ᠶᠢᠨ ᠲᠠᠰᠤᠭ ᠤᠨ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠶᠢᠰᠪᠦᠷᠢ ᠲᠣᠭᠠᠨ ᠤ ᠤᠬᠠᠭᠠᠨ ᠢ ᠦᠵᠡᠪᠦᠷᠢ ᠲᠠᠢ᠂ ᠰᠣᠨᠢᠷᠬᠠᠯ ᠲᠠᠢ ᠪᠤᠯᠭᠠᠵᠤ᠂ ᠰᠤᠷᠤᠭᠴᠢᠳ ᠤᠨ ᠰᠤᠷᠤᠯᠴᠠᠬᠤ ᠳᠤᠷ᠎ᠠ ᠰᠣᠨᠢᠷᠬᠠᠯ ᠢ ᠪᠦᠲᠦᠮᠵᠢᠲᠡᠢ ᠬᠥᠭᠵᠢᠭᠡᠪᠡ᠂ ᠡᠨᠡ ᠬᠦ ᠠᠷᠭ᠎ᠠ ᠨᠢ ᠮᠠᠰᠢ ᠰᠠᠶᠢᠨ ᠶᠤᠮ᠃ ᠥᠷᠭᠡᠨ ᠣᠯᠠᠨ ᠪᠠᠭᠰᠢ ᠨᠠᠷ ᠢᠳᠡᠪᠬᠢᠲᠡᠶ ᠪᠠᠷ ᠰᠦᠪᠡᠭᠴᠢᠯᠡᠨ ᠦᠢᠯᠡᠳᠦᠯᠭᠡᠵᠢᠭᠦᠯᠵᠦ᠂ ᠵᠢᠭᠠᠨ ᠰᠤᠷᠭᠠᠯᠲᠠ ᠶᠢᠨ ᠬᠡᠪ ᠵᠠᠭᠪᠤᠷ ᠪᠠ ᠠᠷᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠠᠩ ᠰᠠᠶᠢᠨ ᠢᠶᠠᠷ ᠡᠷᠳᠡᠮ ᠵᠢᠭᠠᠬᠤ ᠪᠠ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠬᠡᠷᠡᠭᠲᠡᠶ ᠬᠡᠪᠡ᠃
3-5.jpg
3-6.jpg
      ᠱᠢ ᠲᠠᠢ ᠹᠧᠩ ᠶᠢᠨ ᠴᠢᠶᠤᠤ ᠪᠠᠭ᠎ᠠ ᠰᠤᠷᠭᠠᠭᠤᠯᠢ ᠳᠤ ᠬᠦᠷᠴᠦ᠂ ᠠᠵᠢᠯᠯᠠᠬᠤ ᠲᠠᠰᠤᠭ ᠲᠤ ᠣᠷᠣᠵᠤ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ᠬᠢᠴᠢᠶᠡᠯ ᠤᠨ ᠪᠠᠭᠰᠢ᠂ ᠪᠥᠬᠦ ᠤᠯᠤᠰ ᠤᠨ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ ᠶᠦᠨ ᠨᠠ ᠪᠠᠭᠰᠢ ᠲᠠᠢ ᠳᠣᠲᠣᠨᠣ ᠪᠠᠷ ᠶᠠᠷᠢᠯᠴᠠᠵᠤ᠂ ᠵᠢᠭᠠᠨ ᠰᠤᠷᠭᠠᠯᠲᠠ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠪᠠ᠃ ᠱᠢ ᠲᠠᠢ ᠹᠧᠩ᠂ ᠬᠡᠦᠬᠡᠳ ᠤᠳ ᠤᠨ ᠦᠨᠳᠦᠰᠦᠨ ᠦᠢᠯᠡ ᠠᠵᠢᠯᠯᠠᠭ᠎ᠠ ᠶᠢᠨ ᠵᠢᠷᠤᠮᠵᠢᠯ ᠨᠢ ᠬᠥᠳᠡᠯᠦᠯ ᠪᠠᠷᠢᠯ᠂ ᠦᠭᠡ ᠶᠠᠷᠢᠶ᠎ᠠ ᠦᠢᠯᠡ ᠠᠵᠢᠯᠯᠠᠭ᠎ᠠ ᠳᠤᠮᠳᠠ ᠪᠠᠨ ᠢᠯᠡᠷᠡᠳᠡᠭ ᠪᠦᠭᠡᠳ ᠭᠤᠣᠯᠳᠠᠭᠤ ᠪᠠᠭ᠎ᠠ ᠰᠤᠷᠭᠠᠭᠤᠯᠢ ᠶᠢᠨ ᠬᠤᠭᠤᠴᠠᠭᠠᠨ ᠳᠤ ᠠᠯᠬᠤᠮ ᠠᠯᠬᠤᠮ ᠢᠶᠠᠷ ᠪᠦᠷᠢᠯᠳᠦᠬᠦ ᠶᠤᠮ᠂ ᠲᠡᠳᠡᠨ ᠳᠤ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ᠶᠢᠨ ᠬᠥᠮᠦᠵᠢᠯ ᠥᠷᠨᠢᠭᠦᠯᠬᠦ ᠨᠢ ᠲᠦᠢᠯ ᠤᠨ ᠴᠢᠬᠤᠯᠠ ᠶᠤᠮ᠃ ᠰᠤᠷᠭᠠᠭᠤᠯᠢ ᠨᠢ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ ᠬᠥᠮᠦᠵᠢᠯ ᠢ ᠦᠨᠡᠨ ᠬᠦ ᠰᠠᠶᠢᠲᠤᠷ ᠠᠳᠬᠤᠵᠤ᠂ ᠬᠡᠦᠬᠡᠳ ᠤᠳ ᠲᠤ ᠪᠠᠭ᠎ᠠ ᠠᠴᠠ ᠨᠢ ᠤᠯᠤᠰ ᠤᠨ ᠤᠬᠠᠮᠰᠠᠷ᠂ ᠢᠷᠭᠡᠨ ᠤ ᠤᠬᠠᠮᠰᠠᠷ᠂ ᠬᠠᠤᠯᠢᠵᠢᠯ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠷᠬᠢᠮ ᠳᠡᠭᠡᠳᠦ ᠶᠣᠰᠣ ᠰᠤᠷᠲᠠᠬᠤᠨ ᠦᠵᠡᠯ ᠰᠡᠳᠬᠢᠯᠭᠡ ᠶᠢ ᠬᠥᠮᠦᠵᠢᠭᠦᠯᠵᠤ᠂ ᠲᠠᠳᠠᠨ ᠢ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠳᠠᠳᠬᠠᠯ ᠲᠠᠢ ᠪᠣᠯᠭᠠᠨ ᠨᠠᠰᠤᠨ ᠲᠤᠷᠰᠢᠳᠠ ᠬᠡᠷᠡᠭᠯᠡᠵᠦ᠂ ᠨᠠᠰᠤᠨ ᠲᠤᠷᠰᠢᠳᠠ ᠠᠰᠢᠭ ᠬᠦᠷᠲᠡᠬᠦ ᠪᠤᠯᠭᠠᠳᠤᠭᠠᠢ ᠬᠡᠪᠡ᠃      ᠱᠢ ᠲᠠᠢ ᠹᠧᠩ᠂ ᠪᠠᠭᠰᠢ ᠪᠣᠯ ᠰᠤᠷᠭᠠᠨ ᠬᠥᠮᠦᠵᠢᠯ ᠢ ᠪᠠᠶᠢᠭᠤᠯᠬᠤ ᠶᠢᠨ ᠦᠨᠳᠦᠰᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ ᠡᠬᠢ ᠰᠤᠷᠪᠤᠯᠵᠢ ᠮᠦᠨ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠬᠡ ᠬᠡᠷᠡᠯᠳᠡᠢ ᠶᠤᠮ᠃ ᠪᠥᠬᠦ ᠣᠷᠣᠨ ᠤ ᠥᠷᠭᠡᠨ ᠣᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠳᠠᠷᠬᠠᠨ ᠡᠭᠦᠷᠭᠡ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠯᠠᠪᠳᠠᠭᠤᠨ ᠪᠠᠲᠤᠲᠠᠶ ᠡᠷᠳᠡᠮ ᠮᠡᠳᠡᠯᠭᠡ ᠪᠠᠷ ᠰᠤᠷᠤᠭᠴᠢᠳ ᠤᠨ ᠣᠶᠤᠨ ᠪᠢᠯᠢᠭ ᠢ ᠨᠡᠭᠡᠭᠡᠵᠦ᠂ ᠡᠷᠬᠢᠮ ᠳᠡᠭᠡᠳᠦ ᠵᠠᠩ ᠮᠣᠷᠠᠯ ᠢᠶᠠᠷ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠥᠨ ᠳᠠᠭᠠᠭᠤᠯᠬᠤ ᠬᠡᠷᠡᠭᠲᠡᠶ᠃ ᠡᠯ᠎ᠡ ᠱᠠᠲᠤ ᠡᠯ᠎ᠡ ᠲᠠᠯ᠎ᠠ ᠶᠢᠨ ᠬᠢᠨ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠪᠠᠭᠰᠢ ᠶᠢᠨ ᠬᠦᠷᠳᠡᠭᠡᠯ ᠣᠯᠭᠤᠮᠵᠢ ᠶᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠨ ᠳᠤ ᠬᠥᠮᠦᠨ ᠢ ᠬᠥᠮᠦᠵᠢᠭᠦᠯᠬᠦ ᠨᠠᠩ ᠰᠠᠶᠢᠨ ᠣᠷᠴᠢᠨ ᠲᠣᠭᠤᠷᠢᠨ᠂ ᠨᠠᠩ ᠶᠡᠭᠡ ᠬᠥᠭᠵᠢᠯᠲᠡ ᠶᠢᠨ ᠣᠷᠣᠨ ᠵᠠᠶ ᠶᠢ ᠡᠬᠦᠳᠦᠨ ᠦᠭᠴᠤ᠂ ᠨᠡᠶᠢᠭᠡᠮ ᠳᠠᠶᠠᠭᠠᠷ ᠲᠤ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠪᠠᠭᠰᠢ ᠶᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂ ᠬᠥᠬᠡᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ