ᠪᠣᠣ ᠭᠠᠩ ᠪᠦᠬᠦ ᠣᠷᠣᠨ ᠤ ᠳᠤᠯᠠᠭᠠᠯᠭ᠎ᠠ ᠶᠢ ᠪᠠᠲᠤᠯᠠᠬᠤ ᠠᠵᠢᠯ ᠤᠨ ᠸᠢᠳᠢᠣ᠋ ᠬᠤᠷᠠᠯ ᠳᠡᠭᠡᠷ᠎ᠡ ᠳᠤᠯᠠᠭᠠᠯᠭ᠎ᠠ ᠶᠢᠨ ᠲᠣᠭᠲᠠᠭᠤᠨ᠂ ᠶᠠᠰᠤ ᠴᠢᠨᠠᠷ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2021/9/9

      9 ᠳ᠋ᠦ᠋ᠭᠡᠷ ᠰᠠᠷ᠎ᠠ ᠶᠢᠨ 8 ᠤ ᠡᠳᠦᠷ᠂ ᠪᠥᠬᠦ ᠣᠷᠣᠨ ᠤ ᠳᠤᠯᠠᠭᠠᠯᠭ᠎ᠠ ᠶᠢ ᠪᠠᠲᠤᠯᠠᠬᠤ ᠠᠵᠢᠯ ᠤᠨ ᠸᠢᠳᠢᠣ᠋ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ ᠬᠤᠷᠠᠯ ᠳᠤ ᠣᠷᠣᠯᠴᠠᠭᠰᠠᠨ ᠤ ᠬᠠᠮᠲᠤ ᠡᠯ᠎ᠡ ᠭᠠᠵᠠᠷ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠤᠯᠠᠭᠠᠯᠭ᠎ᠠ ᠶᠢᠨ ᠲᠣᠭᠲᠠᠭᠤᠨ᠂ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃

      ᠪᠣᠣ ᠭᠠᠩ᠂ ᠡᠪᠦᠯ ᠤᠨ ᠳᠤᠯᠠᠭᠠᠯᠭ᠎ᠠ ᠶᠢᠨ ᠠᠵᠢᠯ ᠨᠢ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠡᠯ᠎ᠡ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠷᠠᠳ ᠢᠶᠠᠷ ᠭᠤᠣᠯᠯᠠᠭᠰᠠᠨ ᠬᠥᠭᠵᠢᠯᠲᠡ ᠶᠢᠨ ᠦᠵᠡᠯ ᠢ ᠪᠠᠲᠤᠳᠬᠠᠵᠤ᠂ ᠡᠪᠦᠯ ᠤᠨ ᠳᠤᠯᠠᠭᠠᠯᠭ᠎ᠠ ᠶᠢᠨ ᠠᠵᠢᠯ ᠢ ᠰᠠᠶᠢᠲᠤᠷ ᠬᠢᠬᠦ ᠲᠤᠯᠭᠠᠮᠳᠠᠭᠤ ᠰᠡᠳᠬᠢᠯᠭᠡ ᠪᠠᠨ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠥᠨᠳᠥᠷ ᠪᠦᠲᠦᠮᠵᠢᠲᠡᠢ ᠰᠠᠭᠠᠳ ᠦᠭᠡᠢ ᠠᠮᠤᠷ ᠲᠦᠪᠰᠢᠨ ᠢᠶᠠᠷ ᠠᠵᠢᠯᠯᠠᠭᠤᠯᠤᠨ ᠳᠤᠯᠠᠭᠠᠯᠭ᠎ᠠ ᠶᠢ ᠪᠠᠲᠤᠯᠠᠬᠤ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠬᠤᠲᠠ ᠪᠠᠯᠭᠠᠰᠤ ᠶᠢᠨ ᠳᠤᠯᠠᠭᠠᠯᠭ᠎ᠠ ᠶᠢᠨ ᠠᠵᠢᠯ ᠨᠢ ᠤᠯᠠᠮᠵᠢᠯᠠᠯᠲᠤ ᠦᠢᠯᠡᠴᠢᠯᠡᠭᠡᠨ ᠤ ᠠᠵᠢᠯ ᠲᠥᠷᠥᠯ ᠪᠣᠯᠤᠭᠰᠠᠨ ᠤ ᠬᠤᠪᠢ ᠳᠤ᠂ ᠡᠷᠬᠡᠪᠰᠢ ᠴᠠᠭ ᠤᠨ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠠᠷᠢᠭᠤᠨ ᠴᠡᠪᠡᠷ ᠳᠤᠯᠠᠭᠠᠯᠠᠭ᠎ᠠ ᠶᠢ ᠨᠡᠶᠢᠳᠡᠮ ᠪᠦᠷᠬᠦᠭᠦᠯᠬᠦ ᠶᠢ ᠲᠦᠷᠭᠡᠳᠬᠡᠨ ᠠᠬᠢᠭᠤᠯᠵᠤ᠂ ᠳᠤᠯᠠᠭᠠᠯᠭ᠎ᠠ ᠶᠢᠨ ᠠᠵᠢᠯ ᠲᠥᠷᠥᠯ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

      ᠬᠤᠷᠠᠯ ᠳᠤ᠂ ᠡᠯ᠎ᠡ ᠭᠠᠵᠠᠷ ᠨᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠡᠨᠡ ᠡᠪᠦᠯ ᠪᠠ ᠢᠷᠡᠬᠦ ᠬᠠᠪᠤᠷ ᠤᠨ ᠬᠤᠲᠠ ᠪᠠᠯᠭᠠᠰᠤᠨ ᠤ ᠢᠯᠴᠢ ᠬᠠᠩᠭᠠᠬᠤ ᠪᠠ ᠳᠤᠯᠠᠭᠠᠯᠠᠬᠤ ᠡᠯ᠎ᠡ ᠠᠵᠢᠯ ᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ᠂ ᠰᠢᠲᠠᠭᠠᠯᠭ᠎ᠠ ᠶᠢᠨ ᠨᠡᠭᠦᠷᠡᠰᠦᠨ ᠤ ᠦᠨ᠎ᠡ ᠶᠢᠨ ᠬᠤᠪᠢᠷᠠᠯᠲᠠ ᠶᠢ ᠦᠨᠳᠦᠰᠦᠯᠡᠨ᠂ ᠨᠡᠭᠦᠷᠡᠰᠦ ᠬᠡᠷᠡᠭᠯᠡᠬᠦ ᠬᠠᠩᠭᠠᠯᠭ᠎ᠠ ᠶᠢ ᠨᠢᠭᠡᠳᠦᠯᠲᠡᠶ ᠲᠥᠯᠥᠪᠯᠡᠵᠦ᠂ ᠳᠤᠯᠠᠭᠠᠯᠭ᠎ᠠ ᠶᠢᠨ ᠠᠵᠤ ᠠᠬᠤᠶᠢᠯᠠᠯ ᠤᠨ ᠰᠢᠲᠠᠭᠠᠯᠭ᠎ᠠ ᠶᠢᠨ ᠨᠡᠭᠦᠷᠡᠰᠦ ᠬᠤᠳᠠᠯᠳᠤᠨ ᠠᠪᠴᠤ ᠬᠠᠳᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠬᠦᠯᠵᠦ᠂ ᠳᠤᠯᠠᠭᠠᠯᠭ᠎ᠠ ᠶᠢᠨ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠵᠠᠪᠳᠤᠨ ᠵᠠᠰᠠᠵᠤ ᠠᠶᠤᠯ ᠠᠴᠠ ᠠᠪᠤᠷᠠᠬᠤ ᠶᠢ ᠪᠠᠲᠤᠯᠠᠬᠤ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠭᠡᠨᠡᠳᠲᠡ ᠶᠢᠨ ᠠᠳᠡᠯ ᠤᠨ ᠰᠠᠭᠤᠭᠠᠯᠢ ᠠᠷᠠᠳ ᠤᠨ ᠳᠤᠯᠠᠭᠠᠯᠭ᠎ᠠ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ︔ ︽ᠠᠷᠠᠳ ᠢ ᠰᠤᠷᠪᠤᠯᠵᠢᠯᠠᠵᠤ ᠬᠠᠯᠠᠭᠤᠨ ᠳᠤᠯᠠᠭᠠᠨ ᠢ ᠨᠢ ᠠᠰᠠᠭᠤᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠥᠪᠡᠷᠲᠡᠭᠡᠨ ᠵᠠᠰᠠᠬᠤ ᠣᠷᠣᠨ ᠪᠠ ᠡᠯ᠎ᠡ ᠠᠶᠢᠮᠠᠭ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠭᠤᠤᠯ ᠬᠤᠷᠠᠯ ᠤᠨ ᠲᠠᠯᠠᠪᠠᠶ ᠪᠠ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ