ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠤ ᠶᠡᠷᠦᠩᠬᠡᠢ ᠱᠦᠵᠢ ᠰᠢ ᠶᠢᠨ ᠫᠢᠩ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠪᠦᠬᠦ ᠲᠠᠯ᠎ᠡ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2021/9/9


      9 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠤᠬᠠᠢ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠬᠤ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠠᠩ ᠱᠤᠤ ᠴᠦᠨ᠂ ᠯᠢ ᠪᠢᠩ ᠷᠦᠩ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠪᠠᠲᠤ ᠭᠤᠣᠯᠳᠠᠯᠭ᠎ᠠ ᠲᠠᠢ ᠦᠭᠡ ᠬᠡᠯᠡᠪᠡ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠢᠯᠠᠩᠭᠤᠶ᠎ᠠ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠰᠤᠷᠤᠯᠴᠠᠨ ᠲᠤᠭᠤᠰᠢᠯᠠᠭᠤᠯᠬᠤ ᠠᠵᠢᠯ ᠢ ᠭᠦᠨᠵᠡᠭᠡᠶ ᠤᠳᠠᠭᠠᠨ ᠳᠠᠭᠠᠭᠠᠮᠠᠭᠠᠶ ᠰᠠᠶᠢᠲᠤᠷ ᠠᠳᠬᠤᠵᠤ᠂ ᠤᠯᠤᠰ ᠲᠥᠷᠥ ᠶᠢᠨ ᠲᠠᠯ᠎ᠠ ᠪᠠᠷ ᠳᠠᠬᠢᠨ ᠣᠶᠢᠯᠠᠭᠠᠵᠤ᠂ ᠠᠵᠢᠯ ᠤᠨ ᠲᠠᠯ᠎ᠠ ᠪᠠᠷ ᠳᠠᠬᠢᠨ ᠰᠤᠳᠤᠯᠵᠤ᠂ ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨ ᠪᠣᠳᠠᠲᠠᠶᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠠ ᠠᠵᠢᠯᠯᠠᠭ᠎ᠠ ᠶᠢᠨ ᠤᠬᠠᠮᠰᠠᠷ ᠢᠶᠠᠷ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠬᠤᠯᠪᠣᠭᠳᠠᠬᠤ᠂ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ᠂ ᠠᠷᠠᠳ ᠤᠨ ᠠᠮᠢᠳᠤᠷᠠᠯ ᠵᠣᠯ ᠵᠢᠷᠭᠠᠯ ᠲᠠᠢ ᠬᠤᠯᠪᠣᠭᠳᠠᠬᠤ᠂ ᠤᠯᠤᠰ ᠤᠨ ᠭᠠᠳᠠᠭᠠᠳᠤ ᠨᠡᠭᠡᠭᠡᠯᠲᠡ ᠶᠢᠨ ᠶᠡᠭᠡ ᠲᠠᠯ᠎ᠠ ᠳᠤ ᠬᠤᠯᠪᠣᠭᠳᠠᠬᠤ᠂ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠬᠤ ᠲᠣᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠬᠦᠷᠢᠶᠡᠨ ᠳᠤ ᠠᠭᠤᠰᠬᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠬᠤ ᠪᠤᠳᠠᠳᠤ ᠭᠡᠷᠡᠭᠴᠡᠭᠡ ᠳᠤ ᠢᠳᠡᠪᠬᠢᠳᠠᠢ ᠵᠤᠬᠢᠴᠠᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
      ᠬᠤᠷᠠᠯ ᠠᠴᠠ᠂ ᠠᠰᠠᠭᠤᠳᠠᠯ ᠤᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠳᠤ ᠬᠦᠴᠦᠯᠡᠵᠦ᠂ ᠲᠦᠷᠢᠮ ᠤᠨ ᠰᠠᠭᠤᠷᠢ ᠶᠢ ᠪᠠᠬᠢᠵᠢᠭᠦᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠤ᠂ ᠠᠵᠢᠯ ᠤᠨ ᠪᠠᠶᠢᠷᠢᠰᠢᠯ ᠢ ᠪᠦᠷᠢᠨᠰᠢᠬᠦᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠦᠬᠦ ᠬᠡᠯᠬᠢᠶᠡᠨ ᠤ ᠬᠠᠮᠠᠭᠠᠯᠠᠯᠲᠠ ᠶᠢ ᠴᠢᠩᠭᠠᠳᠬᠠᠵᠤ᠂ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠠᠭᠤᠷᠢ ᠨᠥᠬᠦᠴᠡᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠠᠷᠠᠭ᠎ᠠ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠠᠵᠢᠯ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠠᠴᠠ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠴᠢᠩᠭ᠎ᠠ ᠪᠣᠳᠠᠲᠠᠢ ᠪᠠᠶᠢᠵᠤ᠂ ᠴᠢᠩᠭ᠎ᠠ ᠬᠦᠴᠦᠲᠡᠢ ᠵᠣᠬᠢᠶᠠᠨ ᠪᠠᠶᠢᠭᠤᠯᠵᠦ ᠤᠳᠤᠷᠢᠳᠬᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠲᠦᠷᠦᠭᠦᠯᠡᠨ ᠴᠢᠩᠭᠠᠳᠬᠠᠬᠤ ᠬᠡᠷᠡᠭᠲᠡᠶ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠢᠶᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠬᠢᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠬᠠᠮᠵᠢᠯᠴᠠᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠢᠶᠠᠨ ᠰᠤᠳᠤᠯᠵᠤ᠂ ᠦᠷ᠎ᠡ ᠪᠦᠲᠦᠮᠵᠢ ᠶᠢ ᠦᠨᠡᠯᠡᠨ ᠵᠢᠱᠢᠵᠦ᠂ ᠠᠰᠠᠭᠤᠳᠠᠯ ᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠪᠠᠯᠠ ᠮᠥᠩᠭᠦ ᠶᠢᠨ ᠪᠠᠲᠤᠯᠠᠭ᠎ᠠ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠡᠷᠭᠡ ᠠᠵᠢᠯ ᠢ ᠦᠨᠡᠨ ᠬᠦ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃


 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ