ᠯᠢᠨ ᠱᠤᠤ ᠴᠦᠨ ᠪᠠᠭᠰᠢ ᠨᠠᠷ ᠤᠨ ᠲᠥᠯᠥᠭᠡᠯᠡᠭᠴᠢ ᠶᠢ ᠲᠣᠬᠤᠨᠢᠭᠤᠯᠬᠤ ᠳᠤ ᠪᠠᠨ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠡᠭᠦᠷᠭᠡ ᠪᠠᠨ ᠪᠠᠲᠤ ᠴᠡᠭᠡᠵᠢᠯᠡᠵᠦ ᠶᠣᠰᠣ ᠤᠶᠤᠨ ᠪᠡᠶ᠎ᠡ ᠭᠤᠸ᠎ᠠ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠠᠶᠢᠭᠤᠯᠤᠭᠴᠢᠳ ᠪᠠ ᠵᠠᠯᠭᠠᠮᠵᠢᠯᠠᠭᠴᠢᠳ ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/9/9
      ᠪᠠᠭᠰᠢ ᠶᠢᠨ ᠪᠠᠶᠠᠷ ᠠᠴᠠ ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠤᠤ ᠴᠦᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠬᠠᠨ ᠭᠦᠸᠧ ᠳ᠋ᠦᠩ᠂ ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ ᠶᠢᠨ ᠪᠠᠭᠰᠢ ᠯᠢᠦ ᠪᠦᠦ ᠸᠧᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠡᠢ᠃      ᠬᠠᠨ ᠭᠦᠸᠧ ᠳ᠋ᠦᠩ ᠫᠷᠣᠹᠧᠰᠰᠣᠷ ᠡᠪᠡᠰᠦᠲᠦ ᠭᠠᠵᠠᠷ ᠤᠨ ᠡᠬᠢ ᠪᠠᠶᠠᠯᠢᠭ᠂ ᠠᠮᠢ ᠠᠬᠤᠶ ᠬᠢᠭᠡᠳ ᠬᠠᠮᠢᠶᠠᠷᠤᠯᠲᠠ ᠶᠢᠨ ᠵᠢᠭᠠᠨ ᠰᠤᠷᠭᠠᠯᠲᠠ ᠪᠠ ᠰᠤᠳᠤᠯᠭᠠᠨ ᠳᠤ ᠣᠯᠠᠨ ᠵᠢᠯ ᠵᠢᠳᠬᠦᠭᠰᠡᠭᠡᠷ ᠢᠷᠡᠵᠡᠶ᠃ ᠯᠢᠨ ᠱᠣᠣ ᠴᠦᠨ ᠲᠡᠭᠦᠨ ᠤ ᠬᠠᠷᠢᠭᠤᠴᠠᠵᠤ ᠪᠠᠶᠢᠭ᠎ᠠ ᠡᠪᠡᠰᠦᠲᠦ ᠭᠠᠵᠠᠷ ᠤᠨ ᠡᠬᠢ ᠪᠠᠶᠠᠯᠢᠭ ᠤᠨ ᠰᠤᠷᠭᠠᠨ ᠬᠥᠮᠦᠵᠢᠯ ᠤᠨ ᠶᠠᠮᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠲᠣᠭᠤᠷᠢᠨ ᠦᠵᠡᠭᠰᠡᠨ ᠤ ᠬᠠᠮᠲᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠰᠢᠭᠯᠠᠯᠲᠠ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠰᠤᠳᠤᠯᠭᠠᠨ ᠨᠢ ᠨᠤᠲᠤᠭ ᠪᠡᠯᠴᠢᠭᠡᠷ᠂ ᠤᠢ ᠰᠢᠭᠤᠢ ᠶᠢ ᠬᠠᠮᠠᠭᠠᠯᠠᠬᠤ ᠡᠨᠡ ᠬᠦ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠴᠢᠬᠤᠯᠠ ᠦᠢᠯᠡᠳᠦᠯ ᠲᠠᠢ ᠶᠤᠮ᠃ ᠵᠡᠭᠦᠨ ᠳᠤᠮᠳᠠ ᠪᠠᠷᠠᠭᠤᠨ ᠬᠡᠰᠡᠭ ᠤᠨ ᠨᠤᠭᠤ ᠶᠢᠨ ᠪᠡᠯᠴᠢᠭᠡᠷ᠂ ᠥᠨᠳᠦᠷᠯᠢᠭ ᠤᠨ ᠪᠡᠯᠴᠢᠭᠡᠷ᠂ ᠴᠦᠯ ᠤᠨ ᠪᠡᠯᠴᠢᠭᠡᠷ ᠵᠡᠷᠭᠡ ᠠᠳᠠᠯᠢ ᠪᠤᠰᠤ ᠣᠨᠴᠠᠯᠢᠭ ᠲᠤ ᠴᠢᠭᠯᠡᠭᠦᠯᠦᠨ᠂ ᠬᠠᠨᠳᠤᠯᠭᠠᠲᠤ ᠰᠤᠳᠤᠯᠭᠠᠨ ᠢ ᠴᠢᠩᠭᠠᠳᠬᠠᠵᠤ᠂ ᠠᠳᠠᠯᠢ ᠪᠤᠰᠤ ᠠᠭᠤᠷ ᠠᠮᠢᠰᠬᠤᠯ ᠤᠨ ᠣᠷᠴᠢᠨ ᠨᠥᠬᠦᠴᠡᠯ ᠳᠤ ᠵᠣᠬᠢᠴᠠᠭᠰᠠᠨ ᠨᠤᠲᠤᠭ ᠪᠡᠯᠴᠢᠭᠡᠷ ᠤᠨ ᠤᠷᠭᠤᠮᠠᠯ ᠢ ᠬᠥᠭᠵᠢᠭᠦᠯᠵᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠠᠬᠢᠭᠤᠯᠵᠤ᠂ ᠮᠠᠨ ᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠰᠠᠶᠢᠲᠤᠷ ᠬᠠᠳᠠᠭᠠᠯᠠᠨ ᠬᠠᠮᠠᠭᠠᠯᠠᠬᠤ ᠬᠡᠷᠡᠭᠲᠡᠢ᠃ ᠡᠪᠡᠰᠦᠨ ᠤ ᠦᠢᠯᠡᠰ ᠤᠨ ᠰᠤᠳᠤᠯᠭᠠᠨ ᠨᠢ ᠮᠠᠨ ᠤ ᠣᠷᠣᠨ ᠳᠤ ᠴᠢᠬᠤᠯᠠ ᠪᠠᠶᠢᠷᠢ ᠰᠠᠭᠤᠷᠢ ᠲᠠᠢ ᠤᠴᠢᠷ ᠠᠴᠠ ᠮᠠᠨ ᠤ ᠣᠷᠣᠨ ᠤ ᠳᠠᠪᠠᠭᠤᠯᠢᠭ ᠲᠤ ᠰᠠᠭᠤᠷᠢᠯᠠᠵᠤ᠂ ᠰᠠᠭᠤᠷᠢ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠠᠵᠤ ᠦᠢᠯᠡᠰ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡ ᠴᠣᠭᠴᠠᠵᠢᠭᠤᠯᠬᠤ ᠶᠢ ᠠᠬᠢᠭᠤᠯᠵᠤ᠂ ᠴᠢᠨᠠᠷᠯᠢᠭ ᠲᠡᠵᠢᠭᠡᠯ ᠡᠪᠡᠰᠦᠨ ᠤ ᠲᠦᠷᠦᠯ ᠤᠨ ᠰᠤᠳᠤᠯᠤᠯᠲᠠ ᠬᠡᠷᠡᠭᠯᠡᠯᠲᠡ ᠶᠢ ᠰᠠᠶᠢᠲᠤᠷ ᠬᠢᠵᠦ᠂ ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠲᠠᠷᠢᠶᠠᠯᠠᠩ ᠤᠨ ᠶᠡᠭᠡ ᠰᠤᠷᠭᠠᠭᠤᠯᠢ ᠨᠢ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠠᠶᠢᠲᠤᠷ ᠪᠥᠲᠥᠭᠡᠨ ᠪᠠᠶᠢᠭᠤᠯᠵᠤ᠂ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ ᠶᠢᠨ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠳᠤᠭᠤᠶᠢᠯᠠᠩ ᠤᠨ ᠠᠯᠪᠠᠨ ᠭᠡᠷ ᠲᠤ᠂ ᠯᠢᠦ ᠪᠦᠦ ᠸᠧᠢ ᠵᠡᠷᠭᠡ ᠪᠠᠭᠰᠢ ᠨᠠᠷ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠡᠳᠦᠨ ᠠᠷᠪᠠᠨ ᠵᠢᠯ ᠢ ᠨᠢᠭᠡ ᠯᠡ ᠡᠳᠦᠷ ᠮᠡᠲᠦ ᠪᠠᠷ ᠴᠥᠬᠦᠷᠡᠰᠢ ᠦᠭᠡᠢ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠯ ᠪᠠ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠬᠦ ᠳᠤ ᠪᠠᠨ ᠯᠢᠨ ᠱᠣᠣ ᠴᠦᠨ ᠨᠣᠮ ᠤᠨ ᠪᠠᠭᠰᠢ ᠲᠠᠢ ᠤᠴᠠᠷᠠᠬᠤ ᠳᠤ ᠠᠮᠠᠷ᠂ ᠵᠢᠩᠬᠢᠨᠢ ᠪᠠᠭᠰᠢ ᠶᠢ ᠤᠯᠬᠤ ᠳᠤ ᠬᠦᠴᠢᠷ᠂ ᠥᠷᠭᠡᠨ ᠣᠯᠠᠨ ᠪᠠᠭᠰᠢ ᠨᠠᠷ ︽ᠳᠣᠯᠣᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ︾ ᠬᠦᠷᠲᠡᠭᠴᠢ ᠵᠠᠩ ᠬᠦᠶ ᠮᠧᠶ ᠰᠤᠷᠭᠠᠭᠤᠯᠢ ᠶᠢᠨ ᠵᠠᠬᠢᠷᠤᠯ ᠰᠢᠭ᠋ ᠢᠶᠠᠷ ︽ᠰᠤᠷᠤᠭᠴᠢᠳ ᠤᠨ ᠰᠡᠳᠬᠢᠯ ᠳᠤ ᠬᠤᠪᠢᠰᠬᠠᠯ ᠤᠨ ᠤᠯᠠᠮᠵᠢᠯᠠᠯ ᠢ ᠭᠦᠨ ᠬᠠᠳᠠᠩᠰᠢᠭᠤᠯᠵᠤ᠂ ᠲᠡᠳᠡᠨ ᠢ ᠬᠠᠪᠰᠤᠷᠤᠨ ᠠᠮᠢᠳᠤᠷᠠᠯ ᠤᠨ ᠠᠩᠬᠠᠨ ᠤ ᠲᠣᠪᠴᠢ ᠶᠢ ᠲᠣᠪᠴᠢᠯᠠᠵᠤ︾᠂ ᠰᠤᠷᠭᠠᠨ ᠬᠥᠮᠦᠵᠢᠯ ᠤᠨ ᠦᠢᠯᠡᠰ ᠲᠤ ︽ᠪᠦᠬᠦ ᠬᠦᠴᠦᠨ ᠢᠶᠠᠨ ᠰᠢᠪᠬᠠᠨ᠂ ᠠᠯᠢᠪᠠ ᠪᠠᠨ ᠵᠣᠷᠢᠭᠤᠯᠵᠤ᠂ ᠥᠭᠦᠪᠡᠴᠦ ᠬᠠᠷᠠᠮᠰᠠᠬᠤ ᠦᠭᠡᠶ︾ ᠪᠠᠶᠢᠵᠤ᠂ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠡᠭᠦᠷᠭᠡ ᠪᠠ ᠰᠠᠶᠢᠲᠤᠷ ᠭᠦᠢᠴᠡᠳᠬᠡᠬᠦ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠨ᠂ ᠶᠣᠰᠣ ᠤᠶᠤᠨ ᠪᠡᠶ᠎ᠡ ᠭᠤᠸ᠎ᠠ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠠᠶᠢᠭᠤᠯᠤᠭᠴᠢᠳ ᠪᠠ ᠵᠠᠯᠭᠠᠮᠵᠢᠯᠠᠭᠴᠢᠳ ᠢ ᠬᠥᠮᠦᠵᠢᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠡᠭᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠪᠠᠭᠰᠢ ᠶᠢ ᠬᠠᠯᠠᠮᠵᠢᠯᠠᠵᠤ᠂ ᠪᠠᠭᠰᠢ ᠶᠢ ᠦᠨᠡᠨ ᠬᠦ ᠨᠡᠶᠢᠭᠡᠮ ᠳᠤ ᠬᠠᠮᠤᠭ ᠠᠴᠠ ᠢᠯᠡᠭᠦᠦ ᠬᠦᠨᠳᠦᠳᠬᠡᠯ ᠲᠠᠢ ᠪᠠ ᠬᠥᠮᠦᠰ ᠢ ᠪᠢᠰᠢᠷᠡᠭᠦᠯᠦᠮ᠎ᠡ ᠠᠵᠢᠯ ᠪᠣᠯᠭᠠᠵᠤ᠂ ᠪᠦᠬᠦ ᠨᠡᠶᠢᠭᠡᠮ ᠳᠤ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ