ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠮᠤᠵᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠬᠤᠯᠪᠤᠭᠠᠳᠦ ᠬᠤᠷᠠᠯ ᠬᠤᠷᠠᠯᠳᠤᠪᠠ  ᠸᠠᠩ ᠯᠢ ᠰᠢᠶᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2022/1/10

1.jpg


      1 ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠮᠤᠵᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠬᠤᠯᠪᠤᠭᠠᠳᠦ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃

      ᠸᠠᠩ ᠯᠢ ᠰᠢᠶᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠦᠪᠠᠷ ᠤᠨ ᠪᠡᠶ᠎ᠡ ᠪᠠᠷ ᠢᠶᠠᠨ ᠲᠥᠰᠦᠪᠯᠡᠵᠦ ᠲᠥᠯᠥᠪᠯᠡᠭᠰᠡᠨ ᠮᠢᠩᠭᠠᠨ ᠣᠨ ᠤ ᠠᠤᠭ᠎ᠠ ᠪᠤᠳᠤᠯᠭ᠎ᠠ ᠮᠦᠨ᠂ ᠶᠡᠷᠦᠩᠬᠡᠢ ᠱᠦᠵᠢ ᠰᠢ ᠶᠢᠨ ᠫᠢᠩ ᠤᠨ ᠦᠪᠠᠷ ᠤᠨ ᠪᠡᠶ᠎ᠡ ᠪᠠᠷ ᠢᠶᠠᠨ ᠲᠥᠯᠥᠪᠵᠢᠭᠦᠯᠵᠦ᠂ ᠦᠪᠠᠷ ᠤᠨ ᠪᠡᠶ᠎ᠡ ᠪᠠᠷ ᠢᠶᠠᠨ ᠪᠠᠶᠢᠷᠢᠯᠠᠭᠤᠯᠵᠤ᠂ ᠦᠪᠠᠷ ᠤᠨ ᠪᠡᠶ᠎ᠡ ᠪᠠᠷ ᠢᠶᠠᠨ ᠠᠬᠢᠭᠤᠯᠤᠭᠰᠠᠨ ᠢᠶᠠᠷ᠂ ᠬᠠᠳᠤᠨ ᠭᠤᠣᠯ ᠤᠨ ᠵᠠᠰᠠᠯᠲᠠ ᠨᠢ ᠰᠠᠨᠠᠭᠠᠴᠢᠯᠠᠭᠠᠲᠤ ᠪᠤᠰᠤ ᠪᠠᠶᠢᠭᠰᠠᠨ ᠠᠴᠠ ᠪᠠᠨ ᠰᠠᠨᠠᠭᠠᠴᠢᠯᠠᠭ᠎ᠠ ᠲᠠᠢ ᠪᠣᠯᠤᠭᠰᠠᠨ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠦ᠂ ᠬᠠᠳᠤᠨ ᠭᠤᠣᠯ ᠤᠨ ᠤᠨ ᠤᠨ ᠳᠠᠭᠠᠨ ᠳᠦᠪᠰᠢᠨ ᠠᠮᠤᠭᠤᠯᠠᠩ ᠪᠤᠯᠤᠬᠰᠠᠨ ᠲᠡᠦᠬᠡ ᠶᠢᠨ ᠭᠠᠶᠢᠬᠠᠮᠰᠢᠭ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠳᠤᠨ ᠭᠤᠣᠯ ᠢ ᠵᠠᠰᠠᠬᠤ ᠲᠡᠦᠬᠡᠨ ᠳᠡᠭᠡᠷ᠎ᠡ ᠴᠣ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠪᠢᠳᠡ ᠡᠷᠬᠡᠪᠰᠢ ᠪᠦᠬᠦ ᠲᠠᠯ᠎ᠠ ᠳᠤ ᠵᠣᠭᠰᠣᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ ᠬᠡᠵᠥ ᠵᠢᠭᠠᠵᠥ ᠭᠠᠷᠭᠠᠪᠠ᠃

      ᠸᠠᠩ ᠯᠢ ᠰᠢᠶᠠ᠂ ᠬᠠᠳᠤᠨ ᠭᠤᠣᠯ ᠤᠨ ᠤᠰᠤ ᠶᠢ ᠬᠠᠮᠲᠤ ᠪᠠᠷ ᠤᠤᠭᠤᠵᠤ᠂ ᠰᠢᠨ᠎ᠡ ᠬᠥᠭᠵᠢᠯᠲᠡ ᠶᠢ ᠬᠠᠮᠲᠤ ᠪᠠᠷ ᠡᠷᠢᠯᠬᠢᠯᠡᠨ᠎ᠡ᠃ ᠥᠪᠥᠷ ᠮᠣᠩᠭᠤᠯ ᠤᠨ ᠬᠢᠨ ᠬᠠᠲᠤᠨ ᠭᠤᠤᠯ ᠳᠠᠭᠠᠤ ᠶᠢᠨ ᠡᠯ᠎ᠡ ᠠᠬ᠎ᠠ ᠳᠡᠭᠦᠦ ᠮᠤᠵᠢ ᠣᠷᠣᠨ ᠲᠠᠢ ᠬᠠᠮᠲᠤ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠶᠢ ᠪᠠᠷᠢᠮᠳᠠᠯᠠᠵᠥ᠂ ᠤᠰᠤᠨ ᠤ ᠬᠡᠮᠵᠢᠶ᠎ᠡ ᠪᠠᠷ ᠬᠢᠬᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠥ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠳᠠᠯᠠᠵᠥ᠂ ᠨᠢᠭᠡᠳᠦᠯᠲᠡᠶ ᠲᠥᠯᠥᠪᠵᠢᠬᠦᠯᠦᠨ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠬᠠᠷᠠᠯᠲᠠ ᠪᠠᠨ ᠪᠠᠷᠢᠮᠳᠠᠯᠠᠨ᠂ ᠯᠠᠪᠳᠠᠭᠤᠨ ᠲᠣᠭᠲᠠᠭᠤᠨ ᠪᠠᠶᠢᠵᠥ᠂ ᠰᠢᠷᠭᠠᠭᠤ ᠠᠵᠢᠯᠯᠠᠵᠤ᠂ ᠤᠳᠠᠭᠠᠨ ᠲᠠᠭᠠᠭᠠᠮᠠᠭᠠᠢ ᠪᠠᠶᠢᠬᠤ ᠶᠢ ᠪᠠᠷᠢᠮᠳᠠᠯᠠᠵᠤ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠬᠠᠮᠲᠤ ᠪᠠᠷ ᠰᠢᠯᠢᠳᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠬᠠᠮᠲᠤ ᠪᠠᠷ ᠠᠬᠢᠭᠤᠯᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢ ᠬᠠᠮᠠᠭᠠᠯᠠᠵᠤ ᠠᠰᠢᠭᠯᠠᠬᠤ ᠶᠢ ᠬᠠᠮᠲᠤ ᠪᠠᠷ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠦᠨᠳᠦᠰᠦ ᠨᠢᠭᠡᠳᠠᠢ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ᠂ ᠬᠠᠲᠤᠨ ᠭᠤᠤᠯ ᠢ ᠠᠷᠠᠳ ᠲᠦᠮᠡᠨ ᠳᠤ ᠪᠤᠶᠠᠨ ᠦᠶᠯᠡᠳᠬᠦ ᠵᠢᠷᠭᠠᠯ ᠤᠨ ᠭᠤᠤᠯ ᠪᠣᠯᠭᠠᠨ᠎ᠠ ᠬᠡᠪᠡ᠃

      ᠲᠤᠰ ᠤᠳᠠᠭ᠎ᠠ ᠶᠢᠨ ᠬᠤᠷᠠᠯ ᠨᠢ ︽ᠰᠢᠨ᠎ᠡ ᠬᠥᠭᠵᠢᠯᠲᠡ ᠶᠢ ᠬᠠᠮᠲᠤ ᠪᠠᠷ ᠡᠷᠢᠯᠬᠢᠯᠡᠵᠦ ᠵᠣᠯ ᠵᠢᠷᠭᠠᠯᠳᠤ ᠭᠤᠣᠯ ᠢ ᠴᠣᠭᠴᠠᠯᠠᠶ᠎ᠠ︾᠎ ᠪᠠᠷ ᠭᠤᠤᠯ ᠰᠡᠳᠤᠪ ᠪᠤᠯᠭᠠᠵᠥ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠮᠤᠵᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠬᠤᠯᠪᠤᠭᠠᠳᠦ ᠬᠤᠷᠠᠯ ᠤᠨ ᠭᠤᠣᠯ ᠮᠡᠳᠡᠭᠦᠯᠦᠯᠲᠡ ᠪᠣᠯᠤᠨ ᠬᠤᠷᠠᠯ ᠤᠨ ᠲᠦᠷᠢᠮ ᠢ ᠪᠠᠲᠤᠯᠠᠪᠠ᠃ ᠬᠤᠯᠪᠤᠭᠠᠳᠦ ᠬᠤᠷᠠᠯ ᠤᠨ ᠡᠯ᠎ᠡ ᠲᠠᠯ᠎ᠠ ᠶᠢᠨ ᠬᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ᠂ ᠬᠠᠲᠤᠨ ᠭᠤᠤᠯ ᠤᠨ ᠰᠠᠪᠠ ᠭᠠᠵᠠᠷ ᠤᠨ ᠬᠤᠲᠠ ᠶᠢᠨ ᠪᠦᠯᠦᠭᠵᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠰᠠᠭᠤᠷᠢ ᠲᠥᠬᠦᠭᠡᠷᠦᠮᠵᠢ ᠶᠢᠨ ᠬᠠᠮᠵᠢᠯᠴᠠᠭ᠎ᠠ ᠶᠢ ᠠᠬᠢᠭᠤᠯᠬᠤ᠂ ᠠᠵᠤ ᠦᠶᠯᠡᠰ ᠤᠨ ᠬᠠᠮᠲᠤᠷᠠᠯᠴᠠᠭᠠᠨ ᠤ ᠰᠢᠨ᠎ᠡ ᠣᠷᠣᠨ ᠵᠠᠶ ᠶᠢ ᠥᠷᠭᠡᠳᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠶᠢ ᠠᠬᠢᠭᠤᠯᠬᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠵᠡᠷᠭᠡ ᠲᠤᠯᠤᠭᠠᠨ ᠲᠠᠯ᠎ᠠ ᠪᠠᠷ ᠭᠠᠷ ᠬᠤᠯᠪᠣᠯᠴᠠᠨ ᠬᠦᠴᠦᠯᠡᠵᠦ᠂ ᠥᠨᠳᠥᠷ ᠲᠦᠪᠰᠢᠨ ᠪᠥᠬᠦᠶ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠬᠠᠮᠲᠤᠷᠠᠯᠴᠠᠭ᠎ᠠ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠣᠯᠤᠨ᠎ᠠ᠃

      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠶᠠᠮᠤᠨ ᠵᠢᠴᠢ ᠬᠠᠲᠤᠨ ᠭᠤᠤᠯ ᠳᠠᠭᠠᠤ ᠶᠢᠨ ᠮᠤᠵᠢ ᠣᠷᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ