ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠬᠤᠷᠠᠯ ᠡᠬᠢᠯᠡᠪᠡ    ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/1/10

1.jpg


      1 ᠰᠠᠷ᠎ᠠ ᠶᠢᠨ 7 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠬᠤᠷᠠᠯ ᠡᠬᠢᠯᠡᠭᠰᠡᠨ ᠪᠦᠭᠡᠳ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃
      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 61 ᠪᠦᠷᠢᠯᠳᠦᠬᠦᠨ ᠲᠠᠢ᠂ 55 ᠬᠥᠮᠦᠨ ᠲᠤᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠨ ᠱᠤᠤ ᠴᠦᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊  ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃

2.jpg


      ᠬᠤᠷᠠᠯ ᠤᠨ ᠵᠥᠪᠯᠡᠬᠦ ᠵᠦᠶᠯᠡᠰ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠳ᠋ᠢ ᠰᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠦᠨ ᠸᠧᠶ ᠳ᠋ᠦᠩ ᠤᠨ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠲᠤ ᠲᠤᠬᠢᠷᠠᠭᠤᠯᠤᠯᠳᠠ ᠬᠢᠬᠦ ᠲᠥᠰᠦᠯ ︵ᠲᠥᠰᠦᠯ︶ ᠤᠨ ᠲᠤᠬᠠᠢ ᠮᠡᠳᠡᠭᠦᠯᠦᠯᠲᠡ᠂ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠬᠢᠨᠠᠨ ᠵᠥᠪᠯᠡᠪᠡ᠃
      ᠬᠤᠷᠠᠯ ᠤᠨ ᠳᠠᠷᠠᠭ᠎ᠠ ᠳᠤᠭᠤᠶᠢᠯᠠᠩ ᠬᠤᠪᠢᠶᠠᠵᠦ ᠬᠢᠨᠠᠨ ᠵᠦᠪᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ