ᠸᠠᠩ ᠯᠢ ᠰᠢᠶᠠ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠵᠢᠴᠢ ᠭᠤᠣᠯᠳᠠᠯᠭ᠎ᠠ ᠲᠠᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠰᠬᠠᠢ ᠰᠡᠳᠦᠪᠲᠦ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠰᠠᠶᠢᠨ ᠢᠶᠠᠨ ᠪᠠᠳᠠᠷᠠᠭᠤᠯᠤᠨ ᠰᠢᠭᠠᠷᠤ ᠪᠠᠨ ᠳᠡᠪᠴᠢᠵᠥ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠬᠦ ᠶᠢ ᠪᠠᠷᠢᠮᠲᠠᠯᠠᠵᠤ ᠬᠦᠴᠦᠨ ᠢᠶᠠᠨ ᠲᠥᠪᠯᠡᠷᠡᠭᠦᠯᠦᠨ ᠥᠪᠥᠷ ᠮᠣᠩᠭᠤᠯ ᠤᠨ ᠳᠠᠪᠠᠭᠤᠯᠢᠭ ᠣᠨᠴᠠᠯᠢᠭ ᠢ ᠢᠯᠡᠷᠡᠭᠦᠯᠦᠭᠰᠡᠨ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2022/1/10
      1 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠵᠤ ᠦᠢᠯᠡᠰ ᠤᠨ ᠪᠦᠯᠦᠭᠵᠢᠯ ᠤᠨ ᠪᠦᠳᠦᠬᠡᠨ ᠪᠠᠶᠢᠭᠤᠯᠤᠯᠲᠠ ᠵᠢᠴᠢ ᠭᠤᠣᠯᠳᠠᠯᠭ᠎ᠠ ᠲᠠᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠬᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠶᠢᠨ ᠢᠶᠠᠨ ᠪᠠᠳᠠᠷᠠᠭᠤᠯᠤᠨ ᠰᠢᠭᠠᠷᠤ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠬᠦ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠥᠪᠥᠷ ᠮᠣᠩᠭᠤᠯ ᠤᠨ ᠳᠠᠪᠠᠭᠤᠯᠢᠭ ᠣᠨᠴᠠᠯᠢᠭ ᠢ ᠢᠯᠡᠷᠡᠭᠦᠯᠦᠭᠰᠡᠨ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃      ᠸᠠᠩ ᠯᠢ ᠰᠢᠶᠠ᠂ ︽ᠬᠤᠶᠠᠷ ᠬᠠᠯᠬᠠᠪᠴᠢ︾ ᠶᠢ ᠪᠠᠲᠤ ᠴᠣᠭᠴᠠᠯᠠᠵᠤ᠂ ︽ᠬᠤᠶᠠᠷ ᠰᠠᠭᠤᠷᠢᠨ︾ ᠢ ᠪᠦᠳᠦᠭᠡᠨ ᠪᠠᠶᠢᠭᠤᠯᠵᠤ᠂ ︽ᠨᠢᠭᠡ ᠪᠠᠬᠢᠯᠡᠯᠲᠡ︾ ᠶᠢ ᠡᠬᠦᠳᠦᠨ ᠴᠤᠬᠴᠠᠯᠠᠬᠤ ᠶᠢᠨ ᠵᠠᠩᠭᠢᠯᠠᠭ᠎ᠠ ᠨᠢ ᠣᠷᠣᠨ ᠪᠦᠰᠡ ᠪᠠ ᠠᠵᠤ ᠦᠢᠯᠡᠰ ᠤᠨ ᠣᠨᠴᠠᠯᠢᠭ ᠢ ᠲᠤᠪᠤᠶᠢᠯᠭᠠᠵᠤ᠂ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠥᠯᠥᠪᠵᠢᠭᠦᠯᠦᠨ ᠠᠬᠢᠭᠤᠯᠵᠤ᠂ ᠪᠠᠶᠢᠷᠢᠰᠢᠭᠤᠯᠤᠯᠲᠠ ᠪᠦᠲᠦᠴᠡ ᠨᠢ ᠰᠢᠯᠢᠳᠡᠭ᠂ ᠬᠡᠪᠴᠢᠶ᠎ᠡ ᠬᠡᠮᠵᠢᠶ᠎ᠡ ᠨᠢ ᠶᠡᠭᠡ᠂ ᠤᠷᠲᠤᠳᠬᠠᠨ ᠢᠵᠢ ᠪᠦᠷᠢᠳᠦᠬᠦᠯᠦᠭᠰᠡᠨ ᠨᠢ ᠰᠠᠶᠢᠨ᠂ ᠲᠤᠯᠭᠠᠭᠤᠷᠢᠯᠠᠨ ᠳᠠᠶᠢᠴᠢᠯᠠᠬᠤ ᠬᠦᠴᠦᠨ ᠢᠶᠠᠷ ᠴᠢᠩᠭ᠎ᠠ ᠪᠦᠬᠦᠢ ᠤᠳᠤ ᠦᠶ᠎ᠡ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠭᠡᠨ ᠪᠠᠶᠢᠭᠤᠯᠬᠤ ᠳᠤ ᠪᠤᠢ ᠬᠡᠵᠥ ᠵᠢᠭᠠᠵᠥ ᠭᠠᠷᠭᠠᠪᠠ᠃      ᠸᠠᠩ ᠯᠢ ᠰᠢᠶᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠪᠦᠬᠦ ᠲᠠᠯ᠎ᠠ ᠠᠴᠠ ᠡᠭᠦᠰᠬᠦ᠂ ᠪᠣᠳᠠᠲᠠᠢ ᠠᠴᠠ ᠡᠭᠦᠰᠭᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠪᠦᠬᠦ ᠵᠢᠷᠤᠭ ᠲᠥᠯᠥᠪᠯᠡᠭᠡ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠦᠬᠦ ᠵᠢᠷᠤᠭ ᠲᠥᠯᠥᠪᠯᠡᠭᠡ ᠶᠢ ᠨᠠᠷᠢᠨ ᠬᠢᠨᠠᠮᠠᠭᠠᠢ ᠰᠤᠳᠤᠯᠤᠨ ᠭᠠᠷᠭᠠᠵᠤ᠂ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠤᠰᠬᠠᠢ ᠪᠠᠬ ᠢᠶᠠᠷ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠵᠤ᠂ ᠠᠷᠠᠯᠵᠢᠶᠠᠴᠢᠨ ᠤᠷᠢᠬᠤ ᠠᠵᠢᠯ ᠢ ᠬᠦᠴᠦᠯᠡᠨ ᠠᠬᠢᠭᠤᠯᠵᠤ᠂ ᠪᠠᠲᠤᠯᠠᠭ᠎ᠠ ᠶᠢ ᠴᠢᠩᠭᠠᠳᠬᠠᠵᠤ᠂ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠵᠠᠩ ᠱᠤᠤ ᠴᠦᠨ᠂ ᠠᠶ ᠯᠢ ᠬᠤᠸᠠ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ