1 ᠳ᠋ᠦ᠋ᠭᠡᠷ ᠰᠠᠷ᠎ᠠ ᠶᠢᠨ 9 ᠤ ᠡᠳᠦᠷ᠂ ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠧᠯᠸᠢᠰ ᠤᠲᠠᠰᠤᠲᠤ ᠬᠤᠷᠠᠯ ᠬᠥᠬᠡᠬᠤᠲᠠ ᠳᠤ ᠬᠤᠷᠠᠯᠳᠤᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠮᠠᠨ ᠤ ᠣᠷᠣᠨ ᠳᠤ ᠰᠢᠮᠳᠠᠭᠤᠯᠤᠨ ᠪᠠᠶᠢᠴᠠᠭᠠᠯᠲᠠ ᠬᠢᠭᠰᠡᠨ ᠪᠠᠶᠢᠳᠠᠯ ᠢ ᠵᠠᠷᠯᠠᠨ | ᠮᠡᠳᠡᠭᠳᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠡᠪ ᠤᠨ ᠡᠮᠴᠢᠯᠡᠭᠡᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ | ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠬᠤᠸᠠᠩ ᡁᠢ ᠴᠢᠶᠠᠩ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠪᠦᠦ ᠰᠢᠶᠠᠨ ᠬᠤᠸᠠ ᠬᠤᠷᠠᠯ ᠢ ᠡᠷᠭᠢᠯᠡᠪᠡ᠃ | ᠬᠤᠷᠠᠯ ᠳᠤ ᠵᠢᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ | ᠴᠠᠭ ᠢᠮᠠᠭᠲᠠ ᠴᠢᠩᠳᠠᠯᠠᠵᠤ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃ ᠰᠢᠨ᠎ᠡ ᠪᠠᠶᠢᠳᠠᠯ ᠢ ᠰᠤᠳᠤᠯᠵᠤ᠂ ᠠᠵᠢᠯ ᠤᠨ ᠭᠤᠣᠯᠳᠠᠯᠭ᠎ᠠ ᠪᠠᠨ ᠲᠣᠪᠣᠶᠢᠯᠭᠠᠨ᠂ | ᠠᠵᠢᠯ ᠤᠨ ᠪᠠᠷᠠᠭᠠᠯᠠᠯᠳᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠨᠡᠮᠡᠭᠳᠡᠭᠦᠯᠬᠦ ᠬᠡᠷᠡᠭᠲᠡᠶ᠃ ᠬᠠᠭᠤᠷᠠᠶ ᠭᠠᠵᠠᠷ ᠤᠨ ᠬᠢᠯᠢ ᠶᠢᠨ ᠪᠣᠭᠤᠮᠲᠠ ᠲᠠᠢ ᠠᠶᠢᠮᠠᠭ | ᠬᠤᠲᠠ ᠨᠤᠭᠤᠳ ᠬᠢᠯᠢ ᠶᠢᠨ ᠪᠣᠭᠤᠮᠲᠠ ᠶᠢᠨ ᠣᠷᠣᠨ ᠬᠡᠪᠴᠢᠶᠡᠨ ᠳᠤ ᠴᠢᠩᠭ᠎ᠠ ᠰᠡᠷᠭᠡᠶᠢᠯᠡᠯᠲᠡ ᠬᠢᠵᠦ᠂ ᠠᠭᠠᠷ ᠠᠶᠠᠯᠠᠯ ᠤᠨ ᠬᠢᠯᠢ ᠶᠢᠨ ᠪᠣᠭᠤᠮᠲᠠ ᠲᠠᠢ ᠠᠶᠢᠮᠠᠭ | ᠬᠤᠲᠠ ᠨᠤᠭᠤᠳ ᠪᠢᠲᠡᠭᠦᠮᠵᠢᠲᠦ ᠬᠠᠮᠢᠶᠠᠷᠤᠯᠲᠠ ᠶᠢ ᠰᠠᠶᠢᠲᠤᠷ ᠬᠢᠵᠦ᠂ ᠡᠯ᠎ᠡ ᠠᠶᠢᠮᠠᠭ ᠬᠤᠲᠠ ᠨᠤᠭᠤᠳ ᠤᠯᠤᠰ ᠤᠨ ᠳᠣᠲᠣᠭᠠᠳᠤ ᠶᠢᠨ ᠭᠤᠤᠯᠳᠠᠯᠭ᠎ᠠ ᠲᠠᠢ ᠭᠠᠵᠠᠷ | ᠣᠷᠣᠨ ᠳᠤ ᠬᠤᠯᠪᠣᠭᠳᠠᠬᠤ ᠬᠢᠵᠢᠭ ᠤᠨ ᠪᠠᠶᠢᠳᠠᠯ ᠤᠨ ᠲᠠᠷᠬᠠᠯᠲᠠ ᠶᠢ ᠰᠡᠷᠭᠡᠶᠢᠯᠡᠨ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠪᠠ ᠬᠦᠢᠲᠡᠨ ᠬᠡᠯᠬᠢᠶᠡᠲᠦ | ᠪᠤᠰᠤ ᠢᠳᠡᠭᠡᠨ ᠤ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠡᠪᠦᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤᠳᠠᠯ ᠥᠬᠡᠶ ᠡᠬᠢᠯᠡᠬᠦ ᠭᠡᠵᠦ ᠪᠠᠶᠢᠭ᠎ᠠ ᠪᠣᠯᠬᠤᠷ | ᠨᠡᠶᠢᠰᠯᠡᠯ ᠤᠨ ︽ᠬᠤᠲᠠ ᠬᠠᠮᠠᠭᠠᠯᠠᠬᠤ ᠭᠤᠤᠯ︾ ᠢ ᠡᠷᠡᠰ ᠪᠠᠲᠤᠳᠬᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠬᠢᠵᠢᠭ ᠤᠨ | ᠪᠠᠶᠢᠳᠠᠯ ᠤᠨ ᠪᠠᠶᠢᠩᠭᠤᠵᠢᠭᠤᠯᠤᠭᠰᠠᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠢ ᠪᠥᠭᠡᠳ ᠨᠠᠷᠢᠯᠢᠭ ᠠᠳᠬᠤᠵᠤ᠂ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ | ᠡᠲᠡᠭᠡᠳ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠵᠦ᠂ ᠬᠡᠷ ᠳᠣᠲᠣᠷᠠᠬᠢ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢᠨ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠠᠵᠢᠯᠲᠠᠨ ᠤ ᠨᠡᠭᠦᠳᠡᠯ | ᠰᠢᠯᠵᠢᠯᠲᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ | ᠨᠡᠩ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ᠂ ᠨᠡᠩ ᠶᠡᠭᠡ ᠬᠡᠪᠴᠢᠶᠡᠨ ᠤ ᠡᠪᠡᠳᠴᠢᠲᠡᠨ ᠢ ᠠᠪᠤᠷᠠᠨ ᠵᠠᠰᠠᠬᠤ᠂ ᠨᠡᠩ ᠶᠡᠭᠡ ᠬᠡᠷᠡᠭᠴᠡᠭᠡᠲᠦ ᠡᠳ᠋ | ᠪᠣᠳᠠᠰ ᠤᠨ ᠪᠠᠲᠤᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠲᠤᠰᠠᠭᠠᠷᠯᠠᠬᠤ ᠲᠠᠯᠠᠪᠤᠷ ᠢ ᠤᠷᠢᠳᠴᠢᠯᠠᠨ ᠪᠡᠯᠡᠳᠬᠡᠬᠦ ᠬᠡᠷᠡᠭᠲᠡᠢ ᠭᠡᠵᠡᠢ᠃ |