ᠡᠯ᠎ᠡ ᠵᠥᠪᠯᠡᠬᠦ ᠵᠦᠶᠯ ᠢᠶᠠᠨ ᠠᠮᠵᠢᠯᠲᠠ ᠲᠠᠢ ᠳᠠᠭᠤᠰᠬᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠬᠤᠷᠠᠯ 1 ᠰᠠᠷ᠎ᠠ ᠶᠢᠨ 7 ᠤ ᠦᠳᠡ ᠶᠢᠨ ᠬᠤᠶᠢᠨ᠎ᠠ | ᠲᠡᠭᠦᠰᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠡᠷᠬᠢᠯᠡᠭᠴᠢ ᠱᠢ ᠲᠠᠢ ᠹᠧᠩ ᠬᠤᠶᠠᠳᠤᠭᠠᠷ ᠪᠥᠬᠦᠳᠡ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠣᠲᠣ 61 ᠪᠦᠷᠢᠯᠳᠦᠬᠦᠨ ᠲᠠᠢ᠂ 55 ᠬᠥᠮᠦᠨ ᠲᠤᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ | ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢ ᠷᠦᠡᠭ ᠰᠢ᠂ ᠯᠢᠶᠠᠨ ᠰᠦ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ | ᠸᠧᠨ ᠰᠢᠤᠸᠠᠢ ᠵᠢᠴᠢ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠨ ᠱᠤᠤ ᠴᠦᠨ᠂ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ | ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠲᠦᠷᠢᠮ | ︵ᠵᠠᠰᠠᠪᠤᠷᠢ ᠣᠷᠣᠭᠤᠯᠤᠬᠰᠠᠨ ᠲᠥᠰᠦᠯ︶︾ ᠢ ᠬᠢᠨᠠᠨ ᠵᠥᠪᠯᠡᠭᠦᠯᠬᠦ ᠪᠠᠷ ᠳᠡᠪᠰᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠠᠨᠠᠯ ᠵᠥᠪᠯᠡᠯᠭᠡ ᠶᠢ ᠪᠠᠲᠤᠯᠠᠵᠤ᠂ ᠰᠠᠨᠠᠯ ᠵᠥᠪᠯᠡᠯᠭᠡ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠦᠷᠢᠮ︾ ᠳᠤ ᠵᠠᠰᠠᠪᠤᠷᠢ | ᠣᠷᠣᠭᠤᠯᠤᠬᠰᠠᠨ ᠲᠤᠬᠠᠶ ᠲᠣᠭᠲᠠᠭᠠᠯ᠂ ︽ᠪᠤᠭᠤᠲᠤ ᠬᠤᠲᠠ ᠶᠢᠨ ᠢᠯᠴᠢ ᠬᠠᠩᠭᠠᠬᠤ ᠲᠦᠷᠢᠮ︾ ᠢ ᠵᠥᠪᠰᠢᠶᠡᠷᠡᠬᠦ ᠲᠤᠬᠠᠶ ᠰᠢᠶᠳᠪᠦᠷᠢ᠂ ︽ᠪᠤᠭᠤᠲᠤ ᠬᠤᠲᠠ ᠶᠢᠨ | ᠨᠣᠬᠠᠶ ᠲᠡᠵᠢᠭᠡᠬᠦ ᠬᠠᠮᠢᠶᠠᠷᠤᠯᠲᠠ ᠶᠢᠨ ᠲᠦᠷᠢᠮ︾ ᠢ ᠵᠥᠪᠰᠢᠶᠡᠷᠡᠬᠦ ᠲᠤᠬᠠᠶ ᠰᠢᠶᠳᠪᠦᠷᠢ᠂ ︽ᠲᠦᠩᠯᠢᠶᠣᠤ ᠬᠤᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ | ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠵᠥᠪᠰᠢᠶᠡᠷᠡᠬᠦ ᠲᠤᠬᠠᠶ ᠰᠢᠶᠳᠪᠦᠷᠢ᠂ ︽ᠪᠠᠶᠠᠨᠨᠠᠭᠤᠷ ᠬᠤᠲᠠ ᠶᠢᠨ ᠮᠤᠨᠢ ᠠᠭᠤᠯᠠ ᠶᠢᠨ ᠬᠠᠲᠠᠨ | ᠵᠢᠷᠤᠭ ᠢ ᠬᠠᠮᠠᠭᠠᠯᠠᠬᠤ ᠲᠦᠷᠢᠮ︾ ᠢ ᠵᠥᠪᠰᠢᠶᠡᠷᠡᠬᠦ ᠲᠤᠬᠠᠶ ᠰᠢᠶᠳᠪᠦᠷᠢ ᠶᠢ ᠪᠠᠲᠤᠯᠠᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠨᠤᠤᠷᠠᠭ︶ ᠶᠢ ᠵᠠᠷᠴᠢᠮ ᠳᠡᠭᠡᠷ᠎ᠡ ᠪᠠᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2022 ᠣᠨ ᠤ ᠠᠵᠢᠯ ᠤᠨ ᠭᠤᠤᠯᠳᠠᠯᠭ᠎ᠠ ︵ᠨᠤᠤᠷᠠᠭ︶ ᠶᠢ ᠪᠠᠲᠤᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠬᠤᠷᠠᠯ ᠤᠨ ᠵᠥᠪᠯᠡᠬᠦ ᠵᠦᠶᠯᠡᠰ ︵ᠲᠥᠰᠦᠯ︶᠂ ᠡᠳᠦᠷ ᠤᠨ ᠳᠠᠷᠠᠭᠠᠯᠠᠯ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ | ᠨᠡᠷᠡᠰ ︵ᠲᠥᠰᠦᠯ︶᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ ︵ᠲᠥᠰᠦᠯ᠂ ᠬᠦᠢᠴᠡᠳᠭᠡᠭᠦ ᠲᠡᠷᠢᠭᠦᠯᠡᠭᠴᠢᠳ ᠤᠨ | ᠳᠤᠭᠤᠶᠢᠯᠠᠩ ᠬᠤᠪᠢᠶᠠᠭᠰᠠᠨ ᠨᠡᠷᠡᠰ ︵ᠲᠥᠰᠦᠯ︶᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠰᠤᠯᠠ ᠣᠷᠣᠯᠴᠠᠬᠰᠠᠳ ᠤᠨ ᠨᠡᠷᠡᠰ | ︵ᠲᠥᠰᠦᠯ︶᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠤᠨ ᠬᠢᠵᠠᠭᠠᠷ ᠤᠨ ᠲᠤᠬᠠᠶ ᠲᠣᠭᠲᠠᠭᠠᠯ ︵ᠲᠥᠰᠦᠯ︶᠂ ᠰᠠᠨᠠᠯ ᠵᠦᠪᠯᠡᠯᠭᠡ ᠶᠢ | ᠪᠠᠳᠤᠯᠠᠬᠤ ᠠᠷᠭ᠎ᠠ ︵ᠲᠥᠰᠦᠯ︶ ᠶᠢ ᠪᠠᠲᠤᠯᠠᠪᠠ︔ 2021 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠲᠤ ᠲᠤᠬᠢᠷᠠᠭᠤᠯᠤᠯᠳᠠ ᠬᠢᠬᠦ | ᠲᠥᠰᠦᠯ ᠢ ᠵᠥᠪᠰᠢᠶᠡᠷᠡᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠰᠢᠢᠳᠪᠦᠷᠢ ᠶᠢ ᠪᠠᠲᠤᠯᠠᠪᠠ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠶᠯᠡᠰ ᠢ ᠪᠠᠲᠤᠯᠠᠪᠠ︔ ᠬᠦᠤᠳᠠᠭᠤᠯᠠ | ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠡᠷᠭᠦᠳᠡᠯ ᠢ ᠬᠦᠯᠢᠶᠡᠨ ᠠᠪᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ᠂ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ | ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠬᠡᠮ ᠢ | ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ᠶᠢ ᠪᠠᠲᠤᠯᠠᠪᠠ᠃ | ᠬᠤᠷᠠᠯ ᠠᠴᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠲᠦᠷᠢᠮ︾ | ᠪᠣᠯ ᠣᠷᠣᠨ ᠨᠤᠲᠤᠭ ᠤᠨ ᠲᠥᠷᠥ ᠶᠢᠨ ᠡᠷᠬᠡᠲᠦ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠴᠢᠬᠤᠯᠠ ᠬᠠᠤᠯᠢ ᠲᠣᠭᠲᠠᠭᠠᠯ ᠪᠣᠯᠤᠨ᠎ᠠ᠂ ᠬᠡᠷᠡᠭ ᠵᠥᠪᠯᠡᠬᠦ ᠲᠦᠷᠢᠮ | ︵ᠵᠠᠰᠠᠪᠤᠷᠢ ᠣᠷᠣᠭᠤᠯᠤᠬᠰᠠᠨ ᠲᠦᠰᠦᠯ︶ ᠢ ᠦᠨᠡᠨ ᠬᠦ ᠰᠠᠶᠢᠲᠤᠷ ᠵᠠᠰᠠᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠳᠤ ᠤᠷᠤᠬᠰᠢᠳᠠᠢ ᠪᠠᠷ ᠳᠡᠪᠰᠢᠭᠦᠯᠵᠦ ᠬᠢᠨᠠᠨ ᠵᠥᠪᠯᠡᠭᠦᠯᠵᠦ | ᠪᠠᠲᠤᠯᠠᠭᠤᠯᠬᠤ ᠶᠢ ᠪᠠᠲᠤᠯᠠᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ | ᠲᠦᠷᠢᠮ︾ ᠳᠤ ᠵᠠᠰᠠᠪᠤᠷᠢ ᠣᠷᠣᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠬᠦ᠂ ᠬᠥᠮᠦᠨ ᠠᠮᠠ ᠶᠢᠨ ᠣᠷᠳᠣ ᠬᠤᠭᠤᠴᠠᠭ᠎ᠠ ᠪᠠᠷ ᠲᠡᠩᠴᠡᠭᠦᠷᠢᠲᠡᠶ ᠨᠡᠮᠡᠭᠳᠡᠭᠦ ᠶᠢ ᠬᠠᠤᠯᠢ ᠶᠣᠰᠣᠭᠠᠷ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠢᠮ ᠢ ᠤᠬᠠᠭᠤᠯᠤᠨ ᠲᠤᠭᠤᠰᠢᠯᠠᠭᠤᠯᠵᠤ ᠬᠡᠷᠡᠭᠵᠢᠭᠦᠯᠬᠦ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠪᠥᠷᠢᠳᠦᠭᠰᠡᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠵᠤ᠂ ᠬᠡᠦᠬᠡᠳ ᠠᠪᠬᠤ᠂ ᠥᠰᠭᠡᠨ ᠬᠥᠮᠦᠵᠢᠭᠦᠯᠬᠦ᠂ ᠰᠤᠷᠭᠠᠨ ᠬᠥᠮᠦᠵᠢᠭᠦᠯᠬᠦ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠰᠠᠶᠢᠲᠤᠷ | ᠰᠢᠶᠳᠪᠦᠷᠢᠯᠡᠵᠦ᠂ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ | ᠬᠤᠷᠠᠯ ᠠᠴᠠ ᠬᠢᠨᠠᠨ ᠪᠠᠶᠢᠴᠠᠭᠠᠵᠤ ᠵᠥᠪᠰᠢᠶᠡᠷᠡᠭᠰᠡᠨ ᠣᠷᠣᠨ ᠨᠤᠲᠤᠭ ᠤᠨ ᠴᠢᠨᠠᠷᠲᠠᠢ 4 ᠬᠠᠤᠯᠢ ᠲᠦᠷᠢᠮ ᠨᠢ ᠪᠣᠳᠠᠲᠠᠢ ᠠᠰᠠᠭᠤᠳᠠᠯ ᠢ ᠴᠢᠩᠭ᠎ᠠ ᠠᠩᠬᠠᠷᠴᠤ᠂ | ︽ᠨᠢᠭᠡ ᠶᠠᠪᠤᠳᠠᠯ ᠳᠤ ᠨᠢᠭᠡ ᠬᠠᠤᠯᠢ ᠬᠡᠷᠡᠭᠵᠢᠭᠦᠯᠬᠦ︾ ᠶᠢ ᠪᠠᠷᠢᠮᠲᠠᠯᠠᠵᠤ᠂ ︽ᠪᠠᠭ᠎ᠠ ᠬᠠᠤᠯᠢ ᠪᠠᠷ ᠶᠡᠭᠡ ᠶᠠᠪᠤᠳᠠᠯ ᠢ ᠰᠢᠢᠳᠪᠦᠷᠢᠯᠡᠬᠦ︾ ᠶᠢ ᠪᠡᠶᠡᠯᠡᠭᠦᠯᠵᠦ᠂ ᠬᠠᠮᠢᠶ᠎ᠠ | ᠪᠦᠬᠦᠢ ᠭᠠᠵᠠᠷ ᠣᠷᠣᠨ ᠤ ᠬᠢᠨ ᠬᠠᠤᠯᠢ ᠲᠦᠷᠢᠮ ᠢ ᠤᠬᠠᠭᠤᠯᠤᠨ ᠲᠠᠶᠢᠯᠪᠤᠷᠢᠯᠠᠬᠤ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ | ᠰᠠᠬᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠣᠯᠭᠠᠵᠦ᠂ ︽ᠬᠤᠶᠠᠷ ᠢ | ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯ | ᠠᠵᠢᠯ ᠤᠨ ᠲᠣᠭᠤᠷᠢᠨ ᠳᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠣᠷᠣᠨ ᠨᠤᠲᠤᠭ ᠤᠨ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠂ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠬᠤ᠂ | ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠴᠥᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ | ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠪᠠ ᠥᠪᠡᠷᠮᠢᠴᠡ ᠦᠢᠯᠡᠳᠦᠯ ᠢ ᠢᠯᠡᠷᠡᠭᠦᠯᠵᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠤᠳᠠᠯ ᠥᠬᠡᠶ ᠬᠤᠷᠠᠯᠳᠤᠬᠤ ᠪᠠᠷ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠪᠣᠯ ᠮᠠᠨ ᠤ ᠣᠷᠣᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ | ᠰᠢᠯᠭᠠᠯᠲᠠ ᠳᠤ ᠣᠷᠣᠯᠴᠠᠵᠤ᠂ ᠪᠥᠬᠦ ᠣᠷᠣᠨ ᠲᠠᠶᠠᠭᠠᠷ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ | ᠲᠤᠶᠢᠯ ᠤᠨ ᠴᠢᠬᠤᠯᠠ ᠬᠤᠷᠠᠯ ᠪᠠᠶᠢᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ | ᠶᠠᠪᠤᠳᠠᠯ ᠪᠣᠯᠤᠨ᠎ᠠ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠤᠪᠤᠷ ᠪᠠ ᠡᠭᠦᠷᠭᠡᠲᠦ ᠰᠡᠳᠭᠢᠯᠭᠡ ᠪᠠᠷ ᠡᠯ᠎ᠡ ᠵᠦᠢᠯ ᠤᠨ ᠵᠢᠱᠢᠭᠰᠡᠨ | ᠡᠭᠦᠷᠭᠡ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠡᠨᠡ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠠᠷᠠᠳᠴᠢᠯᠠᠯ ᠲᠠᠢ᠂ | ᠪᠦᠯᠬᠦᠮᠳᠡᠯ ᠲᠠᠢ᠂ ᠦᠨᠡᠨ ᠢ ᠪᠠᠷᠢᠮᠲᠠᠯᠠᠵᠦ᠂ ᠡᠷᠡᠯᠬᠡᠭᠯᠡᠨ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠲᠠᠯ᠎ᠠ ᠶᠢᠨ ᠬᠢᠨ ᠡᠯ᠎ᠡ ᠵᠦᠢᠯ ᠤᠨ ᠪᠡᠯᠡᠳᠭᠡᠯ ᠠᠵᠢᠯ ᠢ ᠲᠠᠬᠢᠨ ᠡᠮᠬᠢᠯᠡᠵᠦ᠂ ᠲᠠᠬᠢᠨ ᠲᠡᠭᠦᠯᠳᠡᠷᠵᠢᠭᠦᠯᠵᠦ᠂ ᠲᠠᠬᠢᠨ ᠨᠠᠶᠢᠳᠠᠪᠤᠷᠢᠵᠢᠭᠤᠯᠵᠤ᠂ ᠠᠵᠢᠯ ᠤᠨ | ᠬᠤᠭᠤᠴᠠᠭ᠎ᠠ ᠶᠢ ᠭᠡᠳᠡᠷᠬᠦ ᠵᠢᠭᠰᠠᠭᠠᠵᠤ᠂ ᠭᠤᠭᠤᠵᠢᠭᠳᠠᠭᠰᠠᠨ ᠢ ᠪᠠᠶᠢᠴᠠᠭᠠᠨ ᠳᠤᠲᠠᠭᠤᠳᠠᠯ ᠢᠶᠠᠨ ᠨᠥᠬᠦᠪᠥᠷᠢᠯᠡᠵᠦ᠂ ᠶᠡᠭᠡ ᠬᠤᠷᠠᠯ ᠤᠨ ᠪᠡᠯᠡᠳᠭᠡᠯ ᠠᠵᠢᠯ ᠢ ᠥᠨᠳᠥᠷ | ᠲᠦᠪᠰᠢᠨ ᠢᠶᠠᠷ ᠰᠠᠶᠢᠲᠤᠷ ᠬᠢᠵᠦ᠂ ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | |