ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠥᠷᠭᠡᠳᠭᠡᠭᠰᠡᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ  ᠱᠢ ᠲᠠᠢ ᠹᠸᠡᠭ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2022/1/10


      1 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠥᠷᠭᠡᠳᠭᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
      ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠶ ᠬᠤᠷᠠᠯᠳᠤᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠦᠪ ᠴᠢᠩᠭ᠎ᠠ ᠪᠤᠯᠭᠠᠬᠤ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠳᠤ ᠬᠡᠪ ᠳᠠᠭᠤᠷᠢᠶᠠᠯ ᠪᠣᠯᠵᠤ᠂ ᠥᠯᠢᠭᠡᠷ ᠳᠠᠭᠤᠷᠢᠶᠠᠯ ᠦᠵᠡᠬᠦᠯᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠪᠠᠷᠢᠮᠲᠠᠯᠠᠵᠤ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠭᠠᠯᠲᠠ ᠳᠤ ᠣᠷᠣᠯᠴᠠᠬᠤ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠵᠠᠢ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠭᠦᠨᠵᠡᠭᠡᠢ ᠤᠢᠢᠯᠠᠭᠠᠨ ᠡᠵᠡᠮᠰᠢᠵᠦ᠂ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠤᠬᠠᠮᠰᠠᠷ ᠠᠴᠠ ᠪᠠᠨ ᠢᠳᠡᠭᠡᠨ ᠪᠢᠰᠢᠷᠡᠵᠦ ᠪᠠᠲᠤᠲᠠᠢ ᠦᠢᠯᠡᠳᠦᠯᠭᠡᠵᠢᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠡᠩ ᠢᠯᠡᠭᠦᠦ ᠡᠷᠡᠮᠡᠭᠡᠶᠢᠯᠡᠨ ᠲᠠᠮᠡᠴᠡᠵᠤ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠨᠥᠬᠦᠳ ᠨᠠᠮ ᠤᠨ ᠲᠡᠦᠬᠡ ᠶᠢ ᠳ᠋ᠦᠩᠨᠡᠬᠦ᠂ ᠰᠤᠷᠤᠯᠴᠠᠬᠤ᠂ ᠬᠥᠮᠦᠵᠢᠭᠦᠯᠬᠦ᠂ ᠤᠬᠠᠭᠤᠯᠬᠤ ᠠᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠲᠠᠯ᠎ᠠ ᠠᠴᠠ ᠰᠤᠷᠤᠯᠴᠠᠬᠤ᠂ ᠪᠠᠶᠢᠯᠳᠤᠬᠤ ᠪᠤᠳᠤᠯᠭ᠎ᠠ ᠶᠢᠨ ᠲᠠᠯ᠎ᠠ ᠠᠴᠠ ᠣᠶᠢᠯᠠᠭᠠᠬᠤ᠂ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡ ᠶᠢᠨ ᠵᠢᠮ᠎ᠡ ᠶᠣᠰᠣ ᠶᠢ ᠦᠵᠡᠬᠦ ᠳᠡᠭᠡᠨ ᠴᠢᠳᠠᠮᠠᠭᠠᠢ ᠪᠠᠶᠢᠵᠤ᠂ ᠲᠡᠦᠬᠡ ᠪᠠᠷ ᠲᠤᠯᠢ ᠪᠣᠯᠭᠠᠬᠤ ᠶᠢ ᠪᠠᠷᠢᠮᠲᠠᠯᠠᠵᠤ᠂ ᠢᠷᠡᠭᠡᠳᠦᠢ ᠶᠢ ᠨᠡᠩ ᠰᠠᠶᠢᠨ ᠴᠤᠭᠴᠠᠯᠠᠬᠤ ᠬᠡᠷᠡᠭᠲᠡᠢ᠃ ᠲᠡᠦᠬᠡ ᠶᠢᠨ ᠢᠲᠡᠭᠡᠯ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡ ᠶᠢᠨ ᠲᠠᠨᠢᠨ ᠮᠡᠳᠡᠷᠡᠬᠦᠢ ᠶᠢ ᠤᠯᠠᠮ ᠴᠢᠨᠠᠭᠰᠢᠳᠠ ᠴᠢᠩᠭᠠᠳᠬᠠᠵᠤ᠂ ᠲᠡᠦᠬᠡ ᠶᠢᠨ ᠳᠤᠷᠠᠳᠬᠠᠯ ᠢ ᠪᠠᠬᠢᠵᠢᠭᠦᠯᠵᠦ᠂ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠤᠷᠤᠭᠰᠢᠯᠠᠬᠤ ᠲᠡᠦᠬᠡ ᠶᠢᠨ ᠢᠲᠡᠭᠡᠯ ᠢ ᠪᠠᠲᠤᠳᠬᠠᠵᠤ᠂ ᠲᠡᠦᠬᠡ ᠶᠢᠨ ᠤᠬᠠᠮᠰᠠᠷ ᠢ ᠴᠢᠩᠭᠠᠳᠬᠠᠵᠤ᠂ ᠲᠡᠦᠬᠡ ᠶᠢᠨ ᠵᠢᠮ᠎ᠡ ᠶᠣᠰᠣ ᠶᠢ ᠡᠵᠡᠮᠳᠡᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠪᠠᠨ ᠦᠨᠡᠨ ᠬᠦ ᠰᠠᠶᠢᠲᠤᠷ ᠭᠦᠢᠴᠡᠳᠭᠡᠬᠦ ᠬᠡᠷᠡᠭᠲᠡᠢ᠃ ᠪᠦᠯᠬᠦᠮᠳᠡᠯ ᠨᠢᠭᠡᠳᠦᠯ ᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠᠨ ᠰᠢᠨ᠎ᠡ ᠴᠠᠭ ᠦᠶ᠎ᠡ ᠶᠢᠨ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠡᠭᠡ ᠪᠤᠳᠤᠯᠭ᠎ᠠ ᠴᠢᠭᠯᠡᠯᠲᠡ ᠳᠡᠭᠡᠷ᠎ᠡ ᠨᠢᠭᠡᠳᠭᠡᠵᠦ᠂ ᠦᠨᠡᠨ ᠬᠦ ᠨᠢᠭᠡᠳᠦᠯᠲᠡᠢ ᠵᠣᠷᠢᠭ ᠰᠠᠨᠠᠭ᠎ᠠ᠂ ᠨᠢᠭᠡᠳᠦᠯᠲᠡᠢ ᠠᠵᠢᠯᠯᠠᠭ᠎ᠠ ᠪᠠᠷ ᠢᠶᠠᠨ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠴᠢᠩᠭᠠᠳᠬᠠᠬᠤ ᠶᠢ ᠠᠩᠬᠠᠷᠴᠤ᠂ ᠮᠠᠨ ᠤ ᠨᠠᠮ ᠤᠨ ᠬᠤᠷᠠᠮᠳᠤᠭᠤᠯᠤᠭᠰᠠᠨ ᠠᠭᠤᠤ ᠶᠡᠭᠡ ᠲᠡᠮᠡᠴᠡᠯ ᠤᠨ ᠲᠤᠷᠰᠢᠯᠭ᠎ᠠ ᠶᠢ ᠰᠠᠶᠢᠲᠤᠷ ᠬᠡᠷᠡᠭᠯᠡᠵᠦ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠠᠷᠭ᠎ᠠ ᠪᠤᠳᠤᠯᠭ᠎ᠠ ᠶᠢ ᠡᠵᠡᠮᠰᠢᠵᠦ᠂ ᠲᠡᠮᠡᠴᠡᠯ ᠤᠨ ᠴᠢᠳᠠᠪᠤᠷᠢ ᠶᠢ ᠪᠣᠯᠪᠠᠰᠤᠷᠠᠭᠤᠯᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠲᠥᠰᠦᠭᠡᠯᠡᠵᠦ ᠪᠣᠯᠬᠤ ᠪᠠ ᠲᠥᠰᠦᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠭᠡᠵᠦ᠂ ᠲᠡᠦᠬᠡ ᠶᠢ ᠰᠤᠷᠤᠯᠴᠠᠵᠦ ᠶᠣᠰᠣ ᠤᠴᠢᠷ ᠢ ᠦᠢᠯᠠᠭᠠᠬᠤ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠴᠢᠷᠮᠠᠶᠢᠨ ᠦᠢᠯᠡᠳᠦᠯᠬᠡᠵᠢᠬᠦᠯᠬᠦ ᠶᠢ ᠴᠢᠨᠠᠭᠰᠢᠳᠠ ᠪᠡᠶᠡᠯᠡᠭᠦᠯᠬᠦ ᠬᠡᠷᠡᠭᠲᠡᠢ᠃ ︽ᠬᠤᠶᠠᠷ ᠢ ᠲᠣᠭᠲᠠᠭᠠᠬᠤ︾ ᠰᠢᠶᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠤᠨ ᠲᠤᠬᠠᠶ ᠭᠦᠨᠵᠡᠭᠡᠶ ᠣᠶᠢᠯᠠᠭᠠᠯᠲᠠ ᠪᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠵᠤ᠂ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠭᠤᠤᠯᠯᠠᠭᠴᠢ ᠶᠢᠨ ᠡᠷᠬᠡ ᠰᠦᠷ ᠢ ᠬᠠᠮᠠᠭᠠᠯᠠᠵᠤ᠂ ᠭᠤᠤᠯᠯᠠᠭᠴᠢ ᠶᠢ ᠳᠠᠭᠠᠵᠤ ᠲᠡᠮᠡᠴᠡᠬᠦ ᠬᠡᠷᠡᠭᠲᠡᠶ᠃ ᠤᠨᠤᠯ ᠢᠶᠠᠷ ᠵᠡᠪᠰᠡᠭᠯᠡᠬᠦ ᠶᠢ ᠤᠬᠠᠮᠰᠠᠷ ᠠᠴᠠ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠪᠠᠶᠢᠩᠭᠤ ᠰᠤᠷᠤᠯᠴᠠᠵᠤ ᠪᠠᠶᠢᠩᠭᠤ ᠰᠢᠨᠡᠴᠢᠯᠡᠬᠦ᠂ ᠪᠠᠶᠢᠩᠭᠤ ᠣᠶᠢᠯᠠᠭᠠᠵᠤ ᠪᠠᠶᠢᠩᠭᠤ ᠤᠷᠤᠭᠰᠢᠯᠠᠬᠤ ᠶᠢ ᠴᠢᠷᠮᠠᠶᠢᠨ ᠪᠡᠶᠡᠯᠡᠭᠦᠯᠵᠦ᠂ ᠢᠯᠠᠩᠭᠤᠶ᠎ᠠ ᠠᠵᠢᠯ ᠤᠨ ᠰᠡᠳᠭᠢᠴᠡ᠂ ᠠᠵᠢᠯ ᠤᠨ ᠪᠠᠶᠢᠷᠢᠯᠠᠭᠤᠯᠤᠯᠲᠠ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ ᠤᠬᠠᠮᠰᠠᠷ ᠠᠴᠠ ᠪᠠᠨ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠵᠦᠷᠢᠶ᠎ᠡ ᠭᠡᠯᠪᠡᠶᠢᠬᠦᠦ ᠪᠠᠨ ᠵᠠᠯᠠᠷᠠᠭᠤᠯᠬᠤ ᠬᠡᠷᠡᠭᠲᠡᠢ᠃ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠨᠠᠰᠤᠨ ᠲᠤᠷᠰᠢᠳᠠ ᠶᠢᠨ ᠰᠡᠳᠦᠪ ᠪᠣᠯᠭᠠᠨ ᠴᠥᠬᠦᠷᠡᠰᠢ ᠦᠭᠡᠢ ᠠᠳᠬᠤᠵᠤ᠂ ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠠᠷᠠᠳ ᠲᠦᠮᠡᠨ ᠤ ᠲᠥᠯᠥᠭᠡ ᠵᠢᠳᠬᠦᠬᠦ ᠬᠠᠶᠢᠷ᠎ᠠ ᠰᠡᠳᠭᠢᠯᠭᠡ ᠶᠢ ᠵᠤᠵᠠᠭᠠᠳᠬᠠᠵᠤ᠂ ᠠᠯᠪᠠᠨ ᠵᠠᠷᠤᠴᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠶᠢ ᠳᠠᠭᠠᠵᠤ ᠶᠡᠭᠡ ᠲᠠᠯ᠎ᠠ ᠳᠤ ᠦᠢᠯᠡᠴᠢᠯᠡᠵᠦ᠂ ᠬᠤᠪᠢ ᠬᠥᠮᠦᠨ ᠤ ᠣᠯᠵᠤ ᠠᠯᠳᠠᠬᠤ ᠶᠢ ᠬᠥᠩᠭᠡᠪᠴᠢᠯᠡᠵᠦ᠂ ᠨᠡᠷ᠎ᠡ ᠠᠰᠢᠭ ᠢ ᠰᠡᠳᠬᠢᠯ ᠳᠡᠭᠡᠨ ᠠᠪᠬᠤ ᠦᠭᠡᠢ᠂ ᠴᠠᠭ ᠢᠮᠠᠭᠲᠠ ᠨᠠᠮ ᠪᠣᠯᠤᠨ ᠠᠷᠠᠳ ᠲᠦᠮᠡᠨ ᠤ ᠦᠢᠯᠡᠰ ᠢ ᠴᠢᠬᠤᠯᠠᠴᠢᠯᠠᠬᠤ ᠬᠡᠷᠡᠭᠲᠡᠢ᠃ ᠤᠬᠠᠮᠰᠠᠷ ᠠᠴᠠ ᠪᠠᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠲᠦᠪᠰᠢᠨ᠂ ᠶᠣᠰᠣ ᠰᠤᠷᠲᠠᠬᠤᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠤᠬᠠᠮᠰᠠᠷ ᠠᠴᠠ ᠪᠠᠨ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠠᠴᠠ᠂ ᠪᠠᠲᠤ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠡᠦᠬᠡᠨ ᠡᠭᠦᠷᠭᠡᠲᠦ ᠪᠤᠳᠤᠯ ᠢᠶᠠᠷ ᠡᠯ᠎ᠡ ᠲᠠᠯ᠎ᠠ ᠶᠢᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ᠪᠦᠬᠦ ᠪᠤᠳᠤᠯ ᠰᠠᠨᠠᠭ᠎ᠠ ᠪᠣᠯᠤᠨ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠤᠰᠬᠠᠬᠤ ᠳᠡᠭᠡᠷ᠎ᠡ ᠲᠠᠯᠪᠢᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠲᠠᠯ᠎ᠡ ᠪᠠᠷ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠳᠦᠭᠡᠨ ᠪᠠᠶᠢᠭᠤᠯᠬᠤ ᠲᠠᠯ᠎ᠡ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠡ ᠪᠠᠷ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠪᠠ ᠵᠠᠰᠠᠨ ᠰᠡᠷᠭᠦᠭᠡᠬᠦ ᠶᠢ ᠠᠬᠢᠭᠤᠯᠬᠤ ᠲᠠᠯ᠎ᠡ ᠪᠠᠷ ᠨᠡᠩ ᠶᠡᠭᠡ ᠴᠢᠷᠮᠠᠶᠢᠯᠭ᠎ᠠ ᠭᠠᠷᠭᠠᠵᠤ᠂ ᠨᠡᠩ ᠶᠡᠭᠡ ᠠᠮᠵᠢᠯᠲᠠ ᠪᠦᠲᠦᠭᠡᠯ ᠭᠠᠷᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠨ ᠬᠤᠪᠢᠷᠠᠯᠲᠠ ᠶᠢ ᠡᠷᠢᠯᠬᠢᠯᠡᠵᠦ᠂ ᠰᠠᠨᠠᠭᠠᠴᠢᠯᠠᠭ᠎ᠠ ᠠᠴᠠ ᠪᠠᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠡᠭᠡᠷ᠎ᠡ ᠬᠦᠴᠦ ᠲᠠᠯᠪᠢᠵᠤ᠂ ᠠᠵᠤ ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠪᠡᠶ᠎ᠡ ᠪᠠᠨ ᠴᠢᠩᠭ᠎ᠠ ᠱᠠᠭᠠᠷᠳᠠᠵᠤ᠂ ᠢᠯᠵᠠᠷᠠᠯ ᠢ ᠡᠰᠡᠷᠭᠦᠴᠡᠨ ᠬᠤᠷᠢᠭᠯᠠᠵᠤ᠂ ᠢᠮᠠᠭᠲᠠ ᠵᠣᠭᠰᠣᠯᠲᠠ ᠪᠠᠨ ᠪᠠᠲᠤᠳᠬᠠᠨ᠂ ︽ᠭᠤᠷᠪᠠᠨ ᠦᠵᠡᠯᠲᠡ︾ ᠶᠢ ᠲᠥᠪ ᠪᠣᠯᠭᠠᠵᠤ᠂ ᠲᠦᠷᠦᠭᠦᠯᠡᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠲᠦᠷᠦᠭᠦᠯᠡᠨ ᠣᠨᠴᠠ ᠡᠷᠬᠡ ᠶᠢ ᠡᠰᠡᠷᠭᠦᠴᠡᠵᠦ᠂ ᠲᠦᠷᠦᠭᠦᠯᠡᠨ ᠠᠷᠠᠳ ᠲᠦᠮᠡᠨ ᠤ ᠬᠢᠨᠠᠯᠲᠠ ᠪᠠ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠬᠦᠯᠢᠶᠡᠵᠦ᠂ ᠲᠦᠷᠦᠭᠦᠯᠡᠨ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠯ ᠢ ᠡᠰᠡᠷᠭᠦᠴᠡᠵᠦ ᠬᠤᠪᠢᠷᠠᠯᠳᠠ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ