ᠭᠤᠷᠪᠠᠳᠤᠭᠠᠷ ᠬᠤᠭᠤᠴᠠᠭᠠᠨ ᠤ ︽ᠤᠮᠠᠷᠠᠲᠤ ᠬᠢᠯᠢ ᠶᠢ ᠳᠣᠭᠳᠤᠯᠤᠭᠤᠯᠤᠭᠰᠠᠨ · ᠬᠠᠮᠤᠭ ᠤᠨ ᠭᠤᠶᠤ ᠴᠠᠭᠳᠠᠭ᠎ᠠ︾ ᠶᠢ ᠨᠡᠶᠢᠲᠡᠯᠡᠪᠡ  ᠾᠧᠩ ᠰᠢᠶᠤᠤ ᠹᠠᠨ ᠠᠵᠢᠯᠯᠠᠭᠠᠨ ᠳᠤ ᠣᠷᠣᠯᠴᠠᠵᠠᠢ
ᠨᠡᠶᠢᠲᠡᠯᠡᠭᠰᠡᠨ ᠴᠠᠭ᠄
2022/1/10

      1 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠶᠠᠳᠠᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭᠠᠨ ᠵᠢᠴᠢ ᠭᠤᠷᠪᠠᠳᠤᠭᠠᠷ ᠬᠤᠭᠤᠴᠠᠭᠠᠨ ᠤ ︽ᠤᠮᠠᠷᠠᠲᠤ ᠬᠢᠯᠢ ᠶᠢ ᠳᠣᠭᠳᠤᠯᠤᠭᠤᠯᠤᠭᠰᠠᠨ · ᠬᠠᠮᠤᠭ ᠤᠨ ᠭᠤᠶᠤ ᠴᠠᠭᠳᠠᠭ᠎ᠠ︾ ᠶᠢ ᠨᠡᠶᠢᠲᠡᠯᠡᠬᠦ ᠶᠣᠰᠤᠯᠠᠯ ᠬᠦᠬᠡᠬᠤᠳᠠ ᠳᠤ ᠶᠠᠪᠤᠭᠳᠠᠪᠠ᠃
      ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠠᠵᠢᠯᠯᠠᠭᠠᠨ ᠳᠤ ᠣᠷᠣᠯᠴᠠᠵᠠᠢ᠃
      ᠠᠵᠢᠯᠯᠠᠭᠠᠨ ᠳᠤ᠂ ᠱᠠᠲᠤ ᠳᠠᠷᠠᠭᠠᠯᠠᠨ ᠲᠠᠨᠢᠯᠴᠠᠭᠤᠯᠬᠤ᠂ ᠱᠠᠲᠤ ᠱᠠᠲᠤ ᠪᠠᠷ ᠰᠢᠯᠢᠨ ᠰᠣᠩᠭᠤᠬᠤ ᠪᠠᠷ ᠳᠡᠮᠵᠢᠨ᠂ ᠣᠷᠳᠣᠰ ᠬᠤᠲᠠ ᠶᠢᠨ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠴᠠᠭᠠᠵᠠᠯᠠᠬᠤ ᠶᠡᠭᠡ ᠠᠩᠭᠢ ᠶᠢᠨ ᠳᠠᠷᠤᠭ᠎ᠠ ᠰᠢᠤᠸᠠᠢ ᠱᠢ ᠴᠢᠶᠠᠩ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠨᠴᠠ ᠴᠠᠭᠳᠠᠭᠠᠨ ᠤ ᠰᠠᠯᠪᠤᠷᠢ ᠠᠩᠭᠢ ᠶᠢᠨ ᠬᠤᠶᠠᠳᠤᠭᠠᠷ ᠶᠡᠭᠡ ᠠᠩᠭᠢ ᠶᠢᠨ ᠨᠢᠭᠡᠳᠦᠭᠡᠷ ᠳᠤᠮᠳᠠ ᠠᠩᠭᠢ ᠶᠢᠨ ᠳᠠᠷᠤᠭ᠎ᠠ ᠯᠢ ᠱᠠᠨ ᠽᠦᠨ ᠵᠡᠷᠭᠡ 11 ᠬᠥᠮᠦᠨ ᠭᠤᠷᠪᠠᠳᠤᠭᠠᠷ ᠬᠤᠭᠤᠴᠠᠭᠠᠨ ᠤ ︽ᠤᠮᠠᠷᠠᠲᠤ ᠬᠢᠯᠢ ᠶᠢ ᠳᠣᠭᠳᠤᠯᠤᠭᠤᠯᠤᠭᠰᠠᠨ · ᠬᠠᠮᠤᠭ ᠤᠨ ᠭᠤᠶᠤ ᠴᠠᠭᠳᠠᠭ᠎ᠠ︾ ᠶᠢᠨ ᠢᠷᠠᠭᠤ ᠠᠯᠳᠠᠷ ᠤᠨ ᠴᠣᠯᠠ ᠬᠦᠷᠲᠡᠪᠡ᠃
      ᠡᠭᠦᠨ ᠠᠴᠠ ᠭᠠᠳᠠᠨ᠎ᠠ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠶ ᠶᠢᠨ ᠳᠡᠩᠨᠡᠨ ᠪᠠᠶᠢᠴᠠᠭᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ ᠵᠣᠣ ᠶᠠᠩ ᠵᠡᠷᠭᠡ ᠠᠷᠠᠳ ᠤᠨ ᠴᠠᠭᠳᠠᠭ᠎ᠠ ᠶᠢᠨ 6 ᠲᠦᠯᠦᠭᠡᠯᠡᠭᠴᠢ ᠴᠠᠭᠳᠠᠭᠠᠨ ᠤ ᠢᠷᠠᠭᠤ ᠠᠯᠳᠠᠷ ᠤᠨ ᠭᠠᠪᠢᠶᠠᠨ ᠲᠡᠮᠳᠡᠭ ᠢ ᠭᠥᠷᠳᠡᠪᠡ︔ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠬᠤᠲᠠ ᠲᠣᠭᠤᠷᠢᠭ ᠤᠨ ᠶᠡᠭᠡ ᠠᠩᠭᠢ ᠶᠢᠨ ᠨᠢᠭᠡᠳᠦᠭᠡᠷ ᠳᠤᠮᠳᠠ ᠠᠩᠭᠢ ᠶᠢᠨ ᠲᠤᠰᠠᠯᠠᠬᠤ ᠴᠠᠭᠳᠠᠭ᠎ᠠ ᠪᠠᠶ ᠰᠢᠶᠦ᠋ᠩ ᠢᠦᠶ ᠵᠡᠷᠭᠡ 11 ᠬᠥᠮᠦᠨ 2021 ᠣᠨ ᠤ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠲᠤᠰᠠᠯᠠᠬᠤ ᠴᠠᠭᠳᠠᠭ᠎ᠠ︾ ᠶᠢᠨ ᠢᠷᠠᠭᠤ ᠠᠯᠳᠠᠷ ᠤᠨ ᠴᠤᠯᠠ ᠶᠢ ᠬᠦᠷᠲᠡᠪᠡ᠃
      ᠬᠤᠤᠷᠲᠤ ᠡᠳ᠋ ᠤᠨ ᠫᠠᠨᠽᠠᠴᠢᠨ ᠲᠠᠢ ᠥᠭᠦᠵᠦ ᠰᠡᠭᠡᠬᠦ ᠪᠠᠨ ᠦᠵᠡᠯᠴᠡᠭᠰᠡᠨ ︽ᠬᠤᠤᠷᠳᠦ ᠡᠳ᠋ ᠢ ᠴᠠᠭᠠᠵᠠᠯᠠᠬᠤ ᠬᠠᠮᠠᠭᠠᠯᠠᠭᠴᠢ︾᠂ ᠬᠤᠷᠴᠠ ᠭᠢᠷᠠᠬᠠᠶ

︽ᠰᠦᠯᠵᠢᠶᠡᠨ ᠤ ᠠᠮᠤᠷ ᠲᠦᠪᠰᠢᠨ ᠤ ᠬᠤᠰᠢᠭᠤᠴᠢ ᠴᠡᠷᠢᠭ︾᠂ ᠣᠯᠠᠨ ᠲᠦᠮᠡᠨ ᠲᠠᠢ ᠰᠡᠳᠭᠢᠯ ᠵᠢᠷᠦᠬᠡ ᠪᠠᠨ ᠬᠤᠯᠪᠣᠵᠤ ᠪᠣᠳᠠᠲᠤ ᠶᠠᠪᠤᠳᠠᠯ ᠪᠦᠲᠦᠭᠡᠭᠰᠡᠨ ᠲᠣᠮᠢᠯᠠᠭᠰᠠᠨ ᠰᠠᠯᠪᠤᠷᠢ ᠶᠢᠨ ︽ᠠᠷᠠᠯ ᠤᠨ ᠱᠠᠷ︾᠂ ᠭᠤᠷᠪᠠᠨᠳᠠ ᠭᠠᠯ ᠤᠨ ᠠᠶᠤᠯ ᠳᠤ ᠣᠷᠣᠵᠤ ᠬᠡᠦᠬᠡᠳ ᠢ ᠠᠪᠤᠷᠬᠠᠰᠠᠨ ︽ᠪᠠᠭᠠᠲᠤᠷ︾ ᠁ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠣᠭᠲᠠᠭᠤᠨ ᠢ ᠬᠠᠮᠠᠭᠠᠯᠠᠬᠤ ᠶᠠᠪᠤᠴᠠ ᠳᠤ ᠴᠣᠯᠭᠤᠷᠠᠨ ᠭᠠᠷᠤᠭᠰᠠᠨ ᠨᠢᠭᠡ ᠪᠦᠯᠦᠭ ᠰᠢᠯᠢᠳᠡᠭ ᠠᠷᠠᠳ ᠤᠨ ᠲᠤᠰᠠᠯᠠᠭᠴᠢ ᠴᠠᠭᠳᠠᠭ᠎ᠠ ᠨᠢ ᠰᠢᠨ᠎ᠡ ᠴᠠᠭ ᠦᠶ᠎ᠡ ᠶᠢᠨ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠡᠷᠡᠯ ᠰᠠᠴᠤᠷᠠᠩᠭᠤᠶ ᠳᠦᠷᠢ ᠲᠥᠷᠬᠦ ᠶᠢ ᠢᠯᠡᠷᠡᠭᠦᠯᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ