2021 ᠣᠨ ᠳᠤ ᠥᠪᠥᠷ ᠮᠣᠩᠭᠤᠯ ᠤᠨ ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ ᠡᠳ᠋ ᠤᠨ ᠵᠠᠰᠠᠭ ᠤᠨ ᠵᠠᠷᠤᠯᠭ᠎ᠠ ᠪᠠᠲᠤᠯᠠᠭ᠎ᠠ ᠲᠠᠢ ᠪᠣᠯᠪᠠ
ᠨᠡᠶᠢᠲᠡᠯᠡᠭᠰᠡᠨ ᠴᠠᠭ᠄
2022/1/11
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠠᠩᠬ᠎ᠠ ᠠᠯᠬᠤᠮ ᠤᠨ ᠪᠦᠷᠢᠳᠬᠡᠯ ᠠᠴᠠ ᠦᠵᠡᠪᠡᠯ᠂ 2021 ᠣᠨ ᠳᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2349.9 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ  ᠠᠴᠠ 298.7 ᠳ᠋ᠦᠩᠰᠢᠭᠤᠷ ᠲᠥᠭᠦᠷᠢᠭ ᠨᠡᠮᠡᠭᠳᠡᠵᠦ᠂ 14.6% ᠪᠠᠷ ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 1671 ᠳ᠋ᠦᠩᠰᠢᠭᠤᠷ ᠲᠥᠭᠦᠷᠢᠭ ᠲᠤ ᠬᠦᠷᠴᠡᠢ᠃ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 5240.1 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠵᠢᠯ ᠤᠨ ᠠᠳᠠᠯᠢ ᠲᠥᠷᠥᠯ ᠤᠨ ᠵᠠᠷᠤᠯᠭ᠎ᠠ 5.2% ᠢᠶᠠᠷ ᠨᠡᠮᠡᠭᠳᠡᠵᠡᠢ᠃      2021 ᠣᠨ ᠳᠤ᠂ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠳᠡᠯᠡᠬᠡᠶ ᠶᠢᠨ ᠪᠠᠶᠢᠳᠠᠯ ᠪᠠ ᠬᠢᠵᠢᠭ ᠤᠨ ᠲᠠᠭᠠᠷᠢᠯᠲᠠ ᠶᠢᠨ ᠡᠮᠦᠨ᠎ᠡ᠂ ᠪᠥᠬᠦ ᠣᠷᠣᠨ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠲᠤᠯᠠᠭ᠎ᠠ ᠪᠠᠷ ᠲᠣᠭᠲᠠᠭᠤᠨ ᠢ ᠠᠬᠢᠭᠤᠯᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠪᠣᠳᠠᠲᠠᠶ ᠠᠵᠢᠯᠯᠠᠵᠤ ᠪᠣᠳᠠᠲᠤ ᠦᠷ᠎ᠡ ᠪᠦᠲᠦᠮᠵᠢ ᠤᠯᠬᠤ ᠪᠠᠷ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠡᠯ᠎ᠡ ᠱᠠᠲᠤᠨ ᠤ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠤᠨ ᠬᠢᠨ ᠭᠠᠶᠢᠯᠢ ᠶᠢ ᠬᠦᠩᠭᠡᠯᠡᠵᠦ ᠰᠦᠶᠳᠬᠡᠯ ᠢ ᠪᠠᠭᠤᠷᠠᠭᠤᠯᠬᠤ ᠪᠠ ᠱᠠᠲᠤᠴᠢ ᠴᠢᠨᠠᠷᠲᠠᠶ ᠪᠠᠷ ᠭᠠᠶᠢᠯᠢ ᠶᠢ ᠬᠤᠶᠢᠰᠢᠯᠠᠭᠤᠯᠬᠤ ᠵᠡᠷᠭᠡ ᠡᠯ᠎ᠡ ᠵᠦᠶᠯ  ᠤᠨ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠲᠠᠲᠠᠪᠤᠷᠢᠯᠠᠬᠤ ᠶᠢ ᠵᠣᠬᠢᠶᠠᠨ ᠪᠠᠶᠢᠭᠤᠯᠤᠭᠠᠳ ᠪᠥᠬᠦ ᠵᠢᠯ ᠤᠨ ᠵᠢᠱᠢᠭᠰᠡᠨ ᠣᠷᠣᠯᠭ᠎ᠠ ᠶᠢᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠡᠭᠦᠨ ᠤ ᠬᠠᠮᠲᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠠᠷᠪᠢᠴᠢ ᠭᠠᠮᠲᠠᠶ ᠠᠮᠢᠳᠤᠷᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠡᠩ  ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢ ᠴᠢᠯᠥᠭᠡᠲᠡᠶ ᠭᠦᠢᠯᠭᠡᠭᠡᠵᠦ᠂ ᠲᠥᠰᠦᠪ ᠤᠨ ᠬᠢᠵᠠᠭᠠᠷᠯᠠᠯ ᠢ ᠴᠢᠩᠭᠠᠳᠬᠠᠨ᠂ ᠴᠢᠬᠤᠯᠠ ᠶᠡᠭᠡ ᠲᠥᠷᠥᠯ ᠵᠦᠶᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠠᠬᠢᠭᠤᠯᠵᠤ᠂ ᠰᠢᠭᠤᠳ ᠬᠦᠷᠭᠡᠬᠦ ᠪᠠᠯᠠ ᠮᠥᠩᠭᠦ ᠶᠢᠨ ᠪᠠᠶᠢᠩᠭᠤᠵᠢᠭᠰᠠᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠵᠠᠷᠤᠯᠭ᠎ᠠ ᠶᠢᠨ ᠪᠠᠲᠤᠯᠠᠭ᠎ᠠ ᠶᠢ ᠬᠦᠴᠦᠲᠡᠶ ᠪᠣᠯᠭᠠᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃      ᠨᠢᠭᠡ᠂ ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠡᠢ᠃ ᠡᠳ᠋ ᠤᠨ ᠵᠠᠰᠠᠭ ᠤᠨ ᠣᠷᠣᠯᠭ᠎ᠠ ᠵᠢᠱᠢᠯᠲᠡ ᠠᠴᠠ ᠳᠠᠪᠠᠪᠠ᠄ 2021 ᠣᠨ ᠳᠤ ᠪᠥᠬᠦ ᠣᠷᠣᠨ ᠤ ᠠᠵᠤ ᠠᠬᠤᠶ ᠨᠡᠯᠢᠶᠡᠳ ᠰᠠᠶᠢᠨ ᠰᠡᠷᠭᠦᠯᠲᠡ ᠶᠢᠨ ᠪᠠᠶᠢᠳᠠᠯ ᠢ ᠪᠠᠲᠤᠯᠠᠵᠤ᠂ ᠦᠶᠯᠡᠳᠪᠦᠷᠢᠯᠡᠯ᠂ ᠪᠠᠯᠠ ᠣᠷᠣᠭᠤᠯᠤᠯᠲᠠ᠂ ᠬᠡᠷᠡᠭᠯᠡᠭᠡ ᠦᠷᠭᠦᠯᠵᠢᠯᠡᠨ ᠰᠠᠶᠢᠵᠢᠷᠠᠵᠤ᠂ ᠠᠵᠤ ᠦᠶᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠡᠷᠭᠡ ᠭᠤᠤᠯ ᠪᠣᠯᠬᠤ ᠠᠵᠤ ᠠᠬᠤᠢ ᠶᠢᠨ ᠭᠦᠶᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠨ᠂ ᠠᠵᠤ ᠦᠶᠯᠡᠳᠪᠦᠷᠢ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠨᠡᠯᠢᠶᠡᠳ ᠰᠠᠶᠢᠨ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠳᠠᠶᠢᠴᠢᠯᠠᠪᠠ᠃ ᠡᠭᠦᠨ ᠤ ᠬᠠᠮᠲᠤ᠂ ᠡᠨᠧᠷᠭᠢ ᠵᠡᠷᠭᠡ ᠬᠦᠢᠯᠭᠡᠭᠡᠨ ᠶᠡᠬᠡᠲᠡᠢ ᠲᠠᠸᠠᠷ ᠤᠨ ᠦᠨ᠎ᠡ ᠬᠠᠩᠰᠢ ᠶᠡᠭᠡ ᠪᠠᠷ ᠥᠰᠴᠦ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠢ ᠤᠯᠠᠮ ᠨᠢᠭᠡ ᠠᠯᠬᠤᠮ ᠳᠠᠶᠢᠴᠢᠯᠠᠪᠠ᠃ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ 12 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢ ᠪᠠᠲᠤᠯᠠᠵᠤ᠂ ᠪᠥᠬᠦ ᠵᠢᠯ ᠤᠨ ᠣᠷᠣᠯᠭ᠎ᠠ 349.9 ᠳ᠋ᠦᠩᠰᠢᠭᠤᠷ ᠲᠥᠭᠦᠷᠢᠭ ᠢ ᠳᠠᠪᠠᠵᠠᠶ᠃ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠤᠨ ᠬᠥᠭᠵᠢᠯᠲᠡ ᠶᠢ ᠠᠭᠢᠭᠤᠯᠪᠠ᠄ ᠡᠯ᠎ᠡ ᠱᠠᠲᠤᠨ ᠤ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠤᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠦᠷᠢᠮ ᠤᠨ ᠴᠢᠨᠠᠷᠲᠠᠶ ᠪᠠ ᠪᠦᠲᠦᠴᠡ ᠶᠢᠨ ᠴᠢᠨᠠᠷᠲᠠᠶ ᠭᠠᠶᠢᠯᠢ ᠬᠥᠩᠭᠡᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠶᠢᠯᠢ ᠰᠦᠶᠳᠬᠡᠯ ᠢ ᠬᠡᠲᠦᠷᠡᠲᠡᠯ᠎ᠡ ᠬᠤᠷᠢᠶᠠᠬᠤ ᠥᠬᠡᠶ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠪᠠ ᠳᠥᠷᠪᠡᠳᠦᠭᠡᠷ ᠤᠯᠠᠷᠢᠯ ᠤᠨ ᠦᠢᠯᠡᠳᠬᠡᠯ ᠤᠨ ᠦᠶᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠠᠷᠠᠳ ᠤᠨ ᠠᠮᠢᠳᠤᠷᠠᠯ ᠪᠠ ᠦᠶᠯᠡᠳᠪᠦᠷᠢᠯᠡᠯ ᠳᠤ ᠬᠡᠷᠡᠭᠯᠡᠬᠦ ᠡᠨᠧᠷᠭᠢ ᠶᠢ ᠪᠠᠲᠤᠯᠠᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠵᠦ᠂ ᠡᠳ᠋ ᠤᠨ ᠵᠠᠰᠠᠭ ᠤᠨ ᠢᠷᠡᠯᠲᠡ ᠶᠢ ᠢᠳᠡᠪᠬᠢᠲᠡᠶ ᠪᠠᠷ ᠪᠣᠶᠢᠵᠢᠭᠤᠯᠤᠭᠰᠠᠨ ᠪᠠᠶᠢᠨ᠎ᠠ᠃      ᠬᠤᠶᠠᠷ᠂ ᠡᠳ᠋ ᠤᠨ ᠵᠠᠰᠠᠭ ᠤᠨ ᠵᠠᠷᠤᠯᠭ᠎ᠠ ᠶᠢᠨ ᠬᠦᠴᠦᠲᠡᠢ ᠪᠠᠲᠤᠯᠠᠭ᠎ᠠ ᠲᠠᠢ ᠪᠣᠯᠵᠠᠢ᠃ ᠬᠤᠷᠢᠭ᠎ᠠ ᠱᠤᠭᠤᠮ ᠢ ᠪᠠᠲᠤᠯᠠᠨ ᠪᠠᠬᠢᠵᠢᠭᠦᠯᠵᠦ ᠠᠷᠠᠳ ᠤᠨ ᠠᠮᠢᠳᠤᠷᠠᠯ ᠢ ᠪᠠᠲᠤᠯᠠᠪᠠ᠄ 2021 ᠣᠨ ᠳᠤ᠂ ᠮᠠᠨ ᠤ ᠣᠷᠣᠨ ᠨᠠᠰᠤᠵᠢᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠥᠩᠭᠦ ᠪᠠ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ᠂ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠡᠷᠭᠡ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠬᠤ᠂ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠳᠤᠮᠳᠠ᠂ ᠪᠥᠬᠦ ᠣᠷᠣᠨ ᠤ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 876.1 ᠳ᠋ᠦᠩᠰᠢᠭᠤᠷ ᠲᠥᠭᠦᠷᠢᠭ ᠲᠤ ᠬᠦᠷᠴᠦ᠂ 4.1% ᠪᠠᠷ ᠨᠡᠮᠡᠭᠳᠡᠪᠡ︔ ᠬᠤᠲᠠ ᠪᠠᠯᠭᠠᠰᠤᠨ ᠤ ᠬᠠᠭᠤᠴᠢᠨ ᠣᠷᠤᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠪᠠ ᠭᠡᠷ ᠬᠤᠷᠢᠶᠠᠯᠠᠯ ᠤᠨ ᠥᠭᠡᠷᠡᠴᠢᠯᠡᠯᠲᠡ ᠶᠢ ᠳᠡᠮᠵᠢᠵᠦ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭᠠᠲᠤ ᠭᠡᠷ ᠪᠦᠯᠢ ᠳᠤ ᠲᠦᠷᠢᠶᠡᠰᠦᠯᠡᠯ ᠤᠨ ᠨᠥᠬᠦᠪᠥᠷᠢ ᠣᠯᠭᠤᠵᠤ᠂ ᠪᠦᠬᠦ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 169.2 ᠳ᠋ᠦᠩᠰᠢᠭᠤᠷ ᠲᠥᠭᠦᠷᠢᠭ ᠲᠤ ᠬᠦᠷᠴᠡᠢ︔ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠭᠦᠢᠴᠡᠳ ᠪᠠᠲᠤᠯᠠᠵᠤ᠂ ᠰᠤᠷᠭᠠᠨ ᠬᠥᠮᠦᠵᠢᠯ ᠤᠨ ᠵᠠᠷᠤᠯᠭ᠎ᠠ 638.3 ᠳ᠋ᠦᠩᠰᠢᠭᠤᠷ ᠲᠥᠭᠦᠷᠢᠭ ᠲᠤ ᠬᠦᠷᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠦᠬᠦ ᠬᠦᠴᠦᠨ ᠢᠶᠠᠷ ᠢᠶᠠᠨ ᠳᠡᠮᠵᠢᠪᠡ᠄ ᠡᠯ᠎ᠡ ᠱᠠᠲᠤᠨ ᠤ ᠡᠳ᠋ ᠤᠨ ᠵᠠᠰᠠᠭ ᠬᠢᠵᠢᠭ ᠭᠡᠨᠡᠳᠲᠡ ᠡᠭᠦᠰᠦᠭᠰᠡᠨ ᠭᠠᠵᠠᠷ ᠤᠨ ᠬᠢᠵᠢᠭ ᠲᠠᠢ ᠲᠡᠮᠡᠴᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ 1.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠠᠴᠢᠮ ᠴᠤᠭᠯᠠᠭᠤᠯᠪᠠ︔ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ  ᠶᠢᠨ ᠲᠥᠯᠥᠭᠡ 3.39 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠳᠣᠬᠢᠷᠠᠭᠤᠯᠵᠠᠢ︔ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠳᠡᠮᠵᠢᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 362 ᠳ᠋ᠦᠩᠰᠢᠭᠤᠷ ᠲᠥᠭᠦᠷᠢᠭ ᠲᠤ ᠬᠦᠷᠴᠡᠢ᠃ ᠦᠷᠭᠦᠯᠵᠢᠯᠡᠨ ᠪᠣᠭᠤᠮᠲᠠ ᠰᠢᠪᠲᠤᠯᠤᠨ ᠪᠠᠲᠤᠯᠠᠭ᠎ᠠ ᠶᠢ ᠴᠢᠩᠭᠠᠳᠬᠠᠪᠠ᠄ ᠡᠳ᠋ ᠤᠨ ᠵᠠᠰᠠᠭ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠳᠡᠮᠵᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 124 ᠳ᠋ᠦᠩᠰᠢᠭᠤᠷ ᠲᠥᠭᠦᠷᠢᠭ ᠵᠠᠷᠤᠴᠠᠭᠤᠯᠪᠠ︔ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢ ᠲᠡᠮᠵᠢᠵᠤ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 144.3 ᠳ᠋ᠦᠩᠰᠢᠭᠤᠷ ᠲᠥᠭᠦᠷᠢᠭ ᠲᠤ ᠬᠦᠷᠴᠦ᠂ 15.9% ᠪᠠᠷ ᠨᠡᠮᠡᠭᠳᠡᠭᠰᠡᠨ ᠪᠠᠶᠢᠨ᠎ᠠ︔ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢ ᠳᠠᠮᠵᠢᠵᠤ᠂ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠠᠷᠢᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠥᠭᠴᠡᠭᠡᠨ ᠤ ᠶᠠᠪᠤᠳᠠᠯ ᠤᠨ ᠬᠦᠦ ᠮᠥᠩᠭᠦ ᠶᠢ ᠲᠥᠯᠥᠬᠦ ᠵᠠᠷᠤᠯᠭ᠎ᠠ ᠶᠢ ᠲᠣᠰ ᠲᠣᠰ 10.4 % ᠪᠠ 57.3% ᠪᠠᠷ ᠨᠡᠮᠡᠭᠳᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠪᠠᠷ ᠬᠡᠯᠪᠡᠷᠢ ᠪᠠᠨ ᠬᠤᠪᠢᠷᠠᠭᠤᠯᠬᠤ ᠳᠤ ᠲᠤᠰᠠᠯᠠᠪᠠ᠄ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ ᠡᠳ᠋ ᠤᠨ ᠵᠠᠰᠠᠭ ᠤᠨ ᠵᠠᠷᠤᠯᠭ᠎ᠠ ᠤᠨ ᠭᠤᠤᠯᠳᠠᠯᠭ᠎ᠠ ᠲᠠᠢ ᠬᠦᠷᠢᠶ᠎ᠡ ᠪᠣᠯᠭᠠᠬᠤ ᠶᠢ ᠪᠠᠷᠢᠮᠲᠠᠯᠠᠵᠤ᠂ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ ᠨᠢᠳᠤᠨᠤᠨ ᠵᠢᠯ ᠤᠨ ᠰᠠᠭᠤᠷᠢᠨ ᠳᠡᠭᠡᠷ᠎ᠡ ᠪᠠᠰᠠ ᠨᠡᠯᠢᠶᠡᠳ ᠶᠡᠭᠡ ᠬᠡᠮᠵᠢᠶ᠎ᠡ ᠪᠠᠷ ᠨᠡᠮᠡᠭᠳᠡᠭᠦᠯᠦᠨ᠂ 35 ᠳ᠋ᠦᠩᠰᠢᠭᠤᠷ ᠲᠥᠭᠦᠷᠢᠭ ᠲᠤ ᠬᠦᠷᠭᠡᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠲᠠᠰ ᠳᠡᠪᠰᠢᠬᠦ ᠶᠢ ᠬᠦᠴᠦᠲᠡᠶ ᠳᠡᠮᠵᠢᠪᠡ︔ ᠵᠠᠰᠠᠭ  ᠤᠨ ᠣᠷᠳᠣᠨ ᠤ ᠰᠤᠳᠤᠯᠤᠨ ᠨᠡᠭᠡᠭᠡᠯᠲᠡ ᠳᠤ ᠣᠷᠤᠭᠤᠯᠬᠤ ᠵᠠᠶᠢᠯᠠᠰᠢ ᠦᠭᠡᠶ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠪᠦᠬᠦ ᠣᠷᠣᠨ ᠤ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠳᠣᠲᠣᠷ᠎ᠠ᠂ ᠵᠠᠰᠠᠭ ᠤᠨ ᠣᠷᠳᠣᠨ ᠤ ᠪᠡᠯᠡ ᠮᠥᠩᠭᠦ ᠶᠢ ᠵᠢᠯ ᠪᠦᠷᠢ ᠳᠤᠮᠳᠠᠴᠢ ᠪᠠᠷ 20% ᠠᠴᠠ ᠳᠡᠭᠡᠭᠰᠢ ᠨᠡᠮᠡᠭᠳᠡᠭᠦᠯᠵᠡᠢ︔ ᠡᠳ᠋ ᠤᠨ ᠵᠠᠰᠠᠭ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠ ᠵᠢᠵᠢᠭ ᠠᠵᠤ ᠠᠬᠤᠶᠢᠯᠠᠯ  ᠤᠨ ᠰᠢᠨᠡᠴᠢᠯᠡᠯᠲᠡ ᠬᠥᠭᠵᠢᠯᠲᠡ ᠶᠢ ᠠᠬᠢᠭᠤᠯᠬᠤ ᠳᠤ 3.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠪᠣᠲᠠᠲᠤ ᠴᠤᠭᠴᠠ ᠶᠢ ᠲᠡᠳᠬᠦᠪᠡ᠄ ᠠᠵᠤ ᠠᠬᠤᠶᠢᠯᠠᠯ ᠤᠨ ᠰᠢᠯᠵᠢᠯᠲᠡ ᠶᠢᠨ ᠴᠢᠨᠠᠷᠲᠠᠶ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠠᠵᠤ ᠠᠬᠤᠶᠢᠯᠠᠯ ᠤᠨ ᠬᠦᠴᠢᠷᠳᠡᠯ ᠢ ᠨᠠᠮᠳᠠᠭᠤᠯᠤᠨ ᠬᠥᠭᠵᠢᠭᠦᠯᠬᠦ ᠰᠠᠭᠤᠷᠢ ᠮᠥᠩᠭᠦ ᠶᠢᠨ ᠠᠵᠤ ᠠᠬᠤᠶᠢᠯᠠᠯ ᠤᠨ ᠵᠠᠶᠢᠯᠠᠰᠢ ᠥᠬᠡᠶ ᠴᠢᠨᠠᠷᠲᠠᠶ ᠲᠥᠯᠦᠪᠦᠷᠢ ᠶᠢᠨ ᠬᠦᠴᠢᠷᠳᠡᠯ ᠢ ᠪᠦᠲᠦᠮᠵᠢᠲᠡᠶ ᠨᠠᠮᠳᠠᠭᠤᠯᠬᠤ ᠳᠤᠮᠳᠠᠬᠢ ᠦᠶᠯᠡᠳᠦᠯ ᠢ ᠭᠦᠶᠴᠡᠳ ᠪᠠᠳᠠᠷᠠᠭᠤᠯᠵᠤ᠂ ᠨᠡᠶᠢᠲᠡ 387.4 ᠳ᠋ᠦᠩᠰᠢᠭᠤᠷ ᠲᠥᠭᠦᠷᠢᠭ ᠣᠷᠣᠭᠤᠯᠵᠤ ᠠᠵᠤ ᠠᠬᠤᠶᠢᠯᠠᠯ ᠢ ᠬᠠᠪᠰᠤᠷᠤᠨ ᠰᠢᠯᠵᠢᠯᠲᠡ ᠶᠢᠨ ᠴᠢᠨᠠᠷᠲᠠᠶ ᠠᠶᠤᠯ ᠲᠦᠭᠰᠢᠭᠦᠷᠢ ᠶᠢ ᠠᠷᠢᠯᠭᠠᠪᠠ︔ ᠪᠠᠯᠠ ᠳᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠳᠣᠬᠢᠷᠠᠭᠤᠯᠬᠤ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠬᠦ ᠶᠢ ᠳᠠᠮᠵᠢᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠥᠪᠡᠷ ᠤᠨ ᠥᠷᠲᠡᠭ ᠢ ᠪᠠᠭᠤᠷᠠᠭᠤᠯᠵᠠᠢ︔ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠥᠲᠥᠯᠦᠨ ᠵᠢᠯᠣᠭᠤᠳᠬᠤ ᠦᠶᠯᠡᠳᠦᠯ ᠢ ᠪᠠᠳᠠᠷᠠᠭᠤᠯᠵᠤ᠂ ᠨᠡᠶᠢᠭᠡᠮ  ᠤᠨ ᠬᠥᠷᠥᠩᠭᠡ ᠶᠢᠨ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠨ᠂ ᠰᠦ ᠰᠠᠭᠠᠯᠢ ᠶᠢᠨ ᠦᠶᠯᠡᠰ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠦᠶᠯᠡᠰ ᠤᠨ ᠲᠦᠷᠭᠡᠨ ᠬᠥᠭᠵᠢᠬᠦ ᠶᠢ  ᠠᠭᠢᠭᠤᠯᠵᠠᠢ᠃ 2021 ᠣᠨ ᠳᠤ᠂ ᠪᠥᠬᠦ ᠣᠷᠣᠨ ᠤ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠶᠯ  ᠳᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ 253 ᠳ᠋ᠦᠩᠰᠢᠭᠤᠷ ᠲᠥᠭᠦᠷᠢᠭ ᠬᠤᠯᠪᠣᠭᠳᠠᠵᠤ᠂ 1726 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠳᠠᠶᠢᠴᠢᠯᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ