ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠱᠢ ᠲᠠᠢ ᠹᠧᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2022/1/11


      1 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ ᠶᠠᠪᠤᠳᠠᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠯᠢ ᠰᠢᠶᠠ᠂ ᠮᠧᠩ ᠹᠠᠨ ᠯᠢ ᠬᠤᠷᠠᠯ ᠳᠤ ᠣᠷᠣᠯᠴᠠᠵᠠᠢ᠃
      ᠬᠤᠷᠠᠯ ᠠᠴᠠ᠂ ᠡᠨᠡ ᠵᠢᠯ ᠤᠨ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠲᠦᠷᠦ ᠶᠢᠨ ᠪᠤᠳᠤᠯᠭ᠎ᠠ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠮᠠᠭᠲᠠ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠭᠠᠳᠠᠭᠠᠳᠤ ᠶᠠᠪᠤᠳᠠᠯ ᠤᠨ ᠠᠵᠢᠯ ᠢ ᠬᠢᠨᠠᠨ ᠦᠵᠡᠬᠦ ᠪᠠ ᠡᠵᠡᠮᠳᠡᠵᠦ᠂ ᠮᠠᠨ ᠤ ᠣᠷᠣᠨ ᠤ ᠭᠠᠳᠠᠭᠠᠳᠤ ᠶᠠᠪᠤᠳᠠᠯ ᠤᠨ ᠠᠵᠢᠯ ᠢ ᠨᠠᠮ ᠪᠠ ᠤᠯᠤᠰ ᠤᠨ ᠭᠠᠳᠠᠭᠠᠳᠤ ᠬᠠᠷᠢᠯᠴᠠᠭᠠᠨ ᠤ ᠠᠵᠢᠯ ᠤᠨ ᠪᠦᠬᠦ ᠲᠠᠯ᠎ᠠ ᠳᠤ ᠲᠠᠯᠪᠢᠨ ᠲᠥᠯᠥᠪᠵᠢᠭᠦᠯᠦᠨ ᠲᠤᠬᠢᠷᠠᠭᠤᠯᠵᠤ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠬᠦ ᠳᠤᠮᠳᠠ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠤᠨ ᠬᠦᠷᠰᠢ ᠵᠡᠷᠭᠡᠯᠡᠳᠡᠭᠡ ᠶᠢ ᠡᠪᠯᠡᠵᠤ ᠵᠠᠰᠠᠬᠤ ᠪᠠ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠦᠶᠯᠡᠴᠢᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠲᠣᠭᠲᠠᠭᠠᠵᠤ ᠦᠭᠬᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠮᠠᠷᠠᠰᠢ ᠨᠡᠭᠡᠭᠡᠯᠲᠡ ᠬᠢᠬᠦ ᠶᠢ ᠦᠷᠭᠦᠯᠵᠢᠯᠡᠨ ᠥᠷᠭᠡᠳᠭᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠣᠷᠣᠯᠴᠠᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ᠲᠥᠪ ᠤᠨ ᠪᠠ ᠤᠯᠤᠰ ᠤᠨ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠠᠴᠠ᠂ ᠥᠪᠥᠷ ᠮᠣᠩᠭᠤᠯ ᠤᠨ ᠥᠪᠡᠷᠮᠢᠴᠡ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠭᠠᠳᠠᠭᠠᠳᠤ ᠶᠠᠪᠤᠳᠠᠯ ᠤᠨ ᠡᠬᠢ ᠪᠠᠶᠠᠯᠢᠭ ᠠᠷᠭ᠎ᠠ ᠵᠠᠮ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠭᠠᠳᠠᠭᠠᠳᠤ ᠶᠠᠪᠤᠲᠠᠯ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ︽ᠡᠭᠦᠯᠡᠨ ᠠᠭᠤᠯᠵᠠᠯᠲᠠ︾᠂ ︽ᠡᠭᠦᠯᠡᠨ ᠵᠥᠪᠳᠡᠯᠴᠡᠭᠡ︾ ᠵᠡᠷᠭᠡ ᠵᠠᠭᠪᠤᠷ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠭᠠᠳᠠᠭᠠᠳᠤ ᠯᠤᠭ᠎ᠠ ᠶᠢᠨ ᠶᠠᠪᠤᠯᠴᠠᠭᠠᠠ ᠤ ᠭᠦᠨᠴᠡ᠂ ᠥᠷᠭᠡᠴᠡ ᠪᠣᠯᠤᠨ ᠬᠠᠯᠠᠭᠤᠮᠰᠤᠬ ᠤᠨ ᠭᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠡᠭᠡᠭᠡᠯᠲᠡᠲᠦ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠶᠯᠡᠴᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠮᠠᠨ ᠤ ᠣᠷᠣᠨ ᠤ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠦᠨᠡᠨ ᠬᠦ ᠨᠡᠭᠡᠭᠡᠯᠲᠡ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠠᠮ ᠪᠣᠯᠤᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠶᠯᠡᠴᠢᠯᠡᠬᠦ ᠬᠡᠷᠡᠭᠲᠡᠶ᠃ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠦᠭᠡᠳ ᠬᠢᠯᠢ ᠶᠢᠨ ᠪᠣᠭᠤᠮᠲᠠ ᠪᠠᠷ ᠥᠩᠭᠡᠷᠡᠬᠦ ᠡᠷᠭᠢᠯᠲᠡ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠣᠯᠠᠨ ᠲᠠᠰ ᠳᠠᠪᠬᠤᠷᠭ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠤᠨ᠂ ᠠᠯᠤᠰ ᠠᠴᠠ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠨᠢᠭᠲᠠ ᠰᠦᠯᠵᠢᠵᠦ ᠪᠠᠲᠤ ᠴᠣᠭᠴᠠᠯᠠᠬᠤ ᠬᠡᠷᠡᠭᠲᠡᠶ᠃ ᠭᠠᠳᠠᠭᠠᠳᠤ ᠶᠠᠪᠤᠳᠠᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠶᠠᠪᠤᠳᠠᠯ ᠤᠨ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠶᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠮᠠᠨ ᠤ ᠣᠷᠣᠨ ᠤ ᠭᠠᠳᠠᠭᠠᠳᠤ ᠶᠠᠪᠤᠳᠠᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠶ ᠵᠠᠳᠠᠯᠵᠤ᠂ ᠴᠢᠬᠤᠯᠠ ᠶᠡᠭᠡ ᠰᠡᠳᠦᠪ ᠢ ᠭᠦᠨᠵᠡᠭᠡᠶ ᠰᠤᠳᠤᠯᠬᠤ ᠪᠠᠨ ᠴᠢᠩᠭᠠᠳᠬᠠᠵᠤ᠂ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠶᠢᠨ ᠭᠡᠰᠢᠭᠦᠨ ᠯᠢᠦ ᠱᠤᠸᠠᠩ᠂ ᠶᠠᠩ ᠸᠧᠢ ᠳ᠋ᠦᠩ᠂ ᠵᠧᠩ ᠬᠤᠩ ᠹᠠᠨ᠂ ᠳ᠋ᠢᠩ ᠰᠢᠤ ᠹᠧᠩ᠂ ᠬᠤᠸᠠᠩ ᡁᠢ ᠴᠢᠶᠠᠩ᠂ ᠢᠤᠢ ᠯᠢ ᠰᠢᠨ ᠨᠡᠷ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ