ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/1/12

      1 ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠠᠴᠠ ᠤᠶᠤᠨ ᠤᠬᠠᠭᠠᠨ ᠬᠦᠴᠦᠨ ᠴᠢᠳᠠᠯ ᠰᠢᠩᠬᠡᠭᠡᠨ ᠠᠪᠴᠤ᠂ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ᠂ ᠰᠢᠨ᠎ᠡ ᠰᠢᠯᠭᠠᠯᠲᠠ ᠶᠢᠨ ᠠᠶᠠᠨ ᠢᠶᠠᠷ ᠰᠠᠶᠢᠲᠤᠷ ᠵᠠᠮᠨᠠᠬᠤ ᠶᠢ ᠨᠡᠩ ᠡᠷᠡᠰ ᠪᠠᠲᠤ ᠪᠣᠯᠭᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠪᠣᠳᠠᠲᠠᠶ ᠲᠥᠰᠦᠯ ᠲᠣᠭᠲᠠᠭᠠᠵᠤ᠂ ᠭᠦᠨᠵᠡᠭᠡᠶ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠵᠣᠬᠢᠶᠠᠨ ᠪᠠᠶᠢᠭᠤᠯᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠡᠳᠭᠢᠯ ᠤᠨ ᠦᠭᠡ ᠪᠠᠨ ᠶᠠᠷᠢᠯᠴᠠᠬᠤ ᠶᠢ ᠨᠠᠷᠢᠨ ᠬᠢᠨᠠᠮᠠᠭᠠᠶ ᠥᠷᠨᠢᠭᠦᠯᠵᠦ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠨᠠᠷᠢᠨ ᠨᠢᠮᠪᠠᠶ ᠪᠡᠯᠡᠳᠭᠡᠯ ᠬᠢᠵᠡᠶ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃
      ᠬᠤᠷᠠᠯ ᠳᠡᠭᠡᠷ᠎ᠡ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠭᠤᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠳ ᠨᠢᠭᠡ ᠪᠠᠷ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠪᠠ᠃ ᠨᠥᠬᠦᠳ ᠨᠢᠭᠡᠪᠦᠷᠢ ᠦᠭᠡ ᠬᠡᠯᠡᠭᠰᠡᠨ ᠤ ᠳᠠᠷᠠᠭ᠎ᠠ᠂ ᠪᠤᠰᠤᠳ ᠨᠥᠬᠦᠳ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠪᠠ᠃ ᠤᠯᠠᠨ ᠢᠶᠠᠷ ᠢᠶᠠᠨ ︽ᠭᠤᠷᠪᠠ ᠶᠢ ᠪᠠᠭᠳᠠᠭᠠᠬᠤ︾ ᠱᠠᠭᠠᠷᠳᠠᠯᠭ᠎ᠠ ᠶᠣᠰᠣᠭᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠣᠯᠤᠯᠲᠠ ᠲᠦᠷᠦᠭᠳᠡᠯ ᠲᠠᠢ ᠤᠶᠠᠯᠳᠤᠭᠤᠯᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠰᠠᠭᠤᠳᠠᠯ ᠢ ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠨᠢ ᠵᠠᠳᠠᠯᠵᠤ᠂ ᠦᠨᠡᠨ ᠪᠤᠳᠠᠳᠠᠢ ᠶᠠᠷᠢᠵᠥ ᠦᠵᠡᠯ ᠰᠠᠨᠠᠭ᠎ᠠ ᠪᠠᠨ ᠳᠡᠯᠬᠡᠬᠦ ᠶᠢ ᠪᠡᠶᠡᠯᠡᠬᠦᠯᠵᠥ᠂ ᠴᠢᠩᠭ᠎ᠠ ᠪᠣᠳᠠᠲᠠᠢ ᠱᠠᠭᠠᠷᠳᠠᠯᠭ᠎ᠠ ᠶᠢ ᠢᠯᠡᠷᠡᠭᠦᠯᠵᠦ᠂ ᠵᠢᠱᠢᠭᠰᠡᠨ ᠬᠠᠷᠠᠯᠲᠠ ᠳᠠᠭᠠᠨ ᠬᠦᠷᠴᠤ ᠴᠢᠳᠠᠵᠠᠢ᠃
      ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠬᠦᠨ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠦᠷᠦᠭᠦᠯᠡᠨ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠬᠦ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠦᠷᠦᠭᠦᠯᠡᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠴᠠᠭ ᠦᠶ᠎ᠡ ᠠᠴᠠ ᠣᠯᠭᠤᠭᠰᠠᠨ ᠲᠡᠦᠬᠡᠲᠦ ᠡᠭᠦᠷᠭᠡ ᠶᠢ ᠦᠨᠡᠨ ᠬᠦ ᠡᠭᠦᠷᠭᠡᠯᠡᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ ᠤᠳᠤᠷᠢᠳᠤᠮᠵᠢ ᠶᠢ ᠢᠯᠡ ᠲᠣᠳᠣ ᠪᠤᠢ ᠪᠣᠯᠭᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠲᠤᠰᠢᠶᠠᠯ ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠭᠡᠬᠦ ᠳᠡᠭᠡᠷ᠎ᠡ ᠢᠯᠡᠷᠡᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠡᠬᠡᠷ᠎ᠡ ᠢᠯᠡᠷᠡᠬᠦᠯᠵᠥ᠂ ᠵᠣᠷᠢᠭᠲᠠᠢ ᠪᠠᠷ ᠰᠢᠨ᠎ᠡ ᠶᠢ ᠡᠭᠦᠳᠬᠦ ᠳᠡᠬᠡᠷ᠎ᠡ ᠢᠯᠡᠷᠡᠬᠦᠯᠵᠥ᠂ ᠪᠦᠬᠦ ᠣᠷᠣᠨ ᠳᠠᠶᠠᠭᠠᠷ ᠢ ᠳᠠᠶᠢᠴᠢᠯᠠᠵᠥ ᠪᠠᠶᠢᠭᠠᠳ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠳᠠᠢ ᠭᠦᠶᠴᠡᠳᠭᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠴᠢᠨᠠᠭᠰᠢᠳᠠ ᠪᠣᠶ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠲᠦᠷᠦᠭᠦᠯᠡᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠬᠡᠯᠡᠬᠦ︾ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠲᠠᠯ᠎ᠠ ᠪᠠᠷ ᠨᠡᠩ ᠪᠣᠳᠠᠲᠠᠢ ᠠᠷᠭ᠎ᠠ ᠬᠡᠮᠵᠢᠶ᠎ᠡ ᠠᠪᠴᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠯ᠎ᠠ ᠪᠠᠷ ᠨᠡᠩ ᠰᠠᠶᠢᠨ ᠦᠷ᠎ᠡ ᠪᠦᠲᠦᠮᠵᠢ ᠣᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠥ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ