ᠬᠤᠸᠠᠩ ᡁᠢ ᠴᠢᠶᠠᠩ ᠬᠥᠬᠡᠬᠤᠲᠠ ᠪᠣᠯᠤᠨ ᠤᠯᠠᠭᠠᠨᠴᠠᠪ ᠬᠤᠳᠠ ᠳᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠬᠤ ᠳᠤ ᠪᠠᠨ ᠴᠢᠬᠤᠯᠠ ᠶᠡᠭᠡ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠳᠬᠤᠵᠤ ᠪᠦᠲᠦᠮᠵᠢᠲᠡᠢ ᠪᠡᠯᠡ ᠣᠷᠣᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/1/12
      1 ᠳ᠋ᠦ᠋ᠭᠡᠷ ᠰᠠᠷ᠎ᠠ ᠶᠢᠨ 10 ᠠᠴᠠ 11 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠬᠡᠬᠤᠲᠠ ᠪᠣᠯᠤᠨ ᠤᠯᠠᠭᠠᠨᠴᠠᠪ ᠬᠤᠲᠠ ᠳᠤ ᠬᠦᠷᠴᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠴᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠳᠬᠤᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠠᠬᠢᠭᠤᠯᠤᠨ᠂ ᠨᠢᠭᠡᠳᠦᠭᠡᠷ ᠤᠯᠠᠷᠢᠯ ᠳᠤ ︽ᠡᠬᠢᠯᠡᠭᠦᠯᠬᠦ ᠳᠤ ᠪᠠᠲᠤᠯᠠᠭ᠎ᠠ ᠲᠠᠢ︾ ︽ᠰᠠᠶᠢᠨ ᠡᠬᠢᠯᠡᠯᠲᠡ ᠲᠠᠢ︾ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠰᠠᠶᠢᠲᠤᠷ ᠡᠬᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠲᠦᠷᠦᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠪᠣᠯ ᠠᠵᠤ ᠠᠬᠤᠢ ᠶᠢᠨ ᠠᠵᠢᠯ ᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠶᠢᠨ ᠵᠠᠩᠭᠢᠯᠠᠭ᠎ᠠ ᠪᠣᠯᠤᠨ᠎ᠠ᠃ ᠬᠤᠸᠠᠩ ᡁᠢ ᠴᠢᠶᠠᠩ ᠪᠠᠷᠢᠯᠭ᠎ᠠ ᠶᠢᠨ ᠭᠠᠵᠠᠷ᠂ ᠦᠢᠯᠡᠳᠪᠦᠷᠢ ᠶᠢᠨ ᠭᠡᠷ ᠪᠠᠶᠢᠰᠢᠩ᠂ ᠬᠦᠷᠢᠶᠡᠯᠡᠩ ᠲᠣᠭᠤᠷᠢᠭ ᠲᠤ ᠬᠦᠷᠴᠦ᠂ 10 ᠭᠠᠷᠤᠢ ᠭᠤᠣᠯᠳᠠᠯᠭ᠎ᠠ ᠲᠠᠢ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ ᠡᠮᠦᠨᠡᠬᠢ ᠬᠤᠭᠤᠴᠠᠭᠠᠨ ᠤ ᠠᠬᠢᠴᠠ᠂ ᠪᠠᠷᠢᠯᠭ᠎ᠠ ᠶᠢᠨ ᠠᠬᠢᠴᠠ᠂ ᠠᠰᠢᠭᠯᠠᠯᠲᠠ ᠳᠤ ᠣᠷᠣᠭᠤᠯᠵᠤ ᠪᠦᠲᠦᠮᠵᠢ ᠣᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠱᠠᠭᠠᠷᠳᠠᠭᠰᠠᠨ ᠨᠢ᠂ ᠬᠥᠭᠵᠢᠯᠲᠡ ᠶᠢ ᠠᠳᠬᠤᠬᠤ ᠳᠤ ᠡᠷᠬᠡᠪᠰᠢ ᠲᠦᠷᠦᠯ ᠵᠦᠢᠯ ᠢ ᠠᠳᠬᠤᠵᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠲᠦᠷᠦᠯ ᠵᠦᠢᠯ ᠤᠨ ᠲᠣᠭᠤᠷᠢᠨ ᠳᠤ ᠠᠵᠢᠯᠯᠠᠵᠤ᠂ ᠲᠦᠷᠦᠯ ᠵᠦᠢᠯ ᠢ ᠠᠩᠬᠠᠷᠤᠨ ᠠᠵᠢᠯᠯᠠᠵᠤ᠂ ᠡᠯ᠎ᠡ ᠵᠦᠢᠯ ᠤᠨ ᠡᠬᠢ ᠪᠠᠶᠠᠯᠢᠭ ᠤᠨ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠰᠢᠭᠯᠠᠵᠤ᠂ ᠪᠦᠬᠦ ᠲᠠᠯ᠎ᠠ ᠪᠠᠷ᠂ ᠦᠢᠯᠡᠴᠢᠯᠡᠭᠡᠨ ᠤ ᠪᠠᠲᠤᠯᠠᠭ᠎ᠠ ᠶᠢ ᠥᠨᠳᠥᠷ ᠪᠦᠲᠦᠮᠵᠢᠲᠡᠢ ᠪᠠᠷ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠡᠬᠢᠯᠡᠭᠦᠯᠦᠨ ᠡᠷᠲᠡᠬᠡᠨ ᠳᠠᠭᠤᠰᠬᠠᠵᠤ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠠᠰᠢᠭ ᠢ ᠨᠢ ᠡᠷᠲᠡᠬᠡᠨ ᠪᠠᠳᠠᠷᠠᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠡᠢ᠃ ᠬᠤᠸᠠᠩ ᡁᠢ ᠴᠢᠶᠠᠩ ᠰᠢᠨ᠎ᠡ ᠡᠨᠧᠷᠭᠢ᠂ ᠲᠠᠷᠢᠶᠠᠯᠠᠩ ᠮᠠᠯ ᠤᠨ ᠪᠦᠲᠦᠭᠡᠭᠳᠡᠬᠦᠨ ᠵᠡᠷᠭᠡ ᠤᠨᠴᠠᠯᠢᠬᠳᠤ ᠠᠵᠤ ᠦᠢᠯᠡᠰ ᠤᠨ ᠲᠦᠷᠦᠯ ᠵᠦᠢᠯ ᠢ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ᠂ ᠰᠢᠨ᠎ᠡ ᠬᠥᠭᠵᠢᠯᠲᠡ ᠶᠢᠨ ᠲᠣᠬᠢᠶᠠᠯ ᠢ ᠴᠢᠩᠭ᠎ᠠ ᠠᠳᠬᠤᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢ ᠲᠥᠯᠥᠪᠵᠢᠭᠦᠯᠦᠨ ᠪᠠᠶᠢᠷᠢᠰᠢᠭᠤᠯᠬᠤ ᠶᠢ ᠪᠠᠷᠢᠮᠲᠠᠯᠠᠵᠤ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠨ ᠰᠢᠨ᠎ᠡ ᠡᠨᠧᠷᠭᠢ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ