1 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ | ᠰᠢᠶᠤᠤ ᠹᠠᠨ ᠪᠦᠯᠬᠦᠮ ᠳᠠᠭᠠᠭᠤᠯᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠳᠤ ᠬᠦᠷᠴᠦ᠂ ︽ᠭᠤᠷᠪᠠᠨ ᠶᠡᠭᠡ | ᠠᠵᠢᠯᠯᠠᠭ᠎ᠠ ᠶᠢ ᠦᠷᠨᠢᠭᠦᠯᠵᠦ ᠨᠢᠭᠡ ᠶᠢ ᠴᠢᠩᠭ᠎ᠠ ᠪᠠᠶᠢᠴᠠᠭᠠᠬᠤ︾ ᠪᠠᠷ ᠳᠠᠮᠵᠢᠨ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ︽ᠭᠤᠷᠪᠠ ᠶᠢ | ᠭᠦᠢᠴᠡᠳᠬᠡᠵᠦ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠪᠠ᠃ | ᠾᠧᠩ ᠰᠢᠶᠤᠤ ᠹᠠᠨ ᠴᠢᠬᠤᠯᠠᠴᠢᠯᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠺᠠᠳ᠋ᠷ ᠣᠨᠴᠠᠭᠠᠶᠢᠯᠠᠨ ᠵᠠᠬᠢᠳᠠᠯ ᠰᠣᠷᠪᠤᠯᠵᠢᠯᠠᠯ ᠤᠨ ᠠᠵᠢᠯ ᠤᠨ ᠺᠠᠳ᠋ᠷᠴᠤᠳ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠤᠯᠵᠢᠬᠤᠨ ᠢ ᠪᠠᠷᠢᠮᠲᠠᠯᠠᠵᠤ᠂ ᠵᠥᠪ ᠣᠨᠣᠪᠴᠢᠲᠠᠢ ᠠᠵᠢᠯ ᠤᠨ | ᠠᠮᠵᠢᠯᠲᠠ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠦᠨᠡᠨ ᠬᠦ ᠨᠠᠶᠢᠳᠠᠪᠤᠷᠢᠵᠢᠭᠤᠯᠬᠤ | ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠪᠠᠶᠢᠷᠢᠯᠠᠭᠤᠯᠤᠯᠲᠠ ᠶᠣᠰᠣᠭᠠᠷ᠂ ᠱᠢ ᠲᠠᠢ ᠹᠧᠩ ᠱᠦᠵᠢ᠂ ᠸᠠᠩ ᠯᠢ ᠰᠢᠶᠠ | ᠲᠡᠷᠢᠭᠦᠯᠡᠭᠴᠢ ᠶᠢᠨ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠭᠦᠨᠵᠡᠭᠡᠶ ᠨᠠᠮᠳᠠᠭᠠᠨ ᠰᠢᠢᠳᠪᠦᠷᠢᠯᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠠᠵᠢᠯ ᠤᠨ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠲᠤᠬᠠᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ | ᠬᠡᠷᠡᠭ ᠢ ᠰᠢᠢᠳᠪᠦᠷᠢᠯᠡᠬᠦ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ | ᠬᠤᠷᠠᠯᠳᠤᠬᠤ ᠳᠤ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠡᠭᠦᠳᠬᠦ ᠬᠡᠷᠡᠭᠲᠡᠶ᠃ ᠤᠳᠤᠷᠢᠳᠤᠯᠭ᠎ᠠ ᠶᠢᠨ ᠬᠠᠷᠢᠭᠤᠴᠠᠯᠭ᠎ᠠ᠂ | ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠤᠷᠢᠳ ᠢᠶᠠᠷ ᠬᠦᠯᠢᠶᠡᠨ ᠠᠪᠴᠤ ᠤᠷᠢᠳ ᠢᠶᠠᠷ ᠰᠢᠢᠳᠪᠦᠷᠢᠯᠡᠬᠦ ᠬᠠᠷᠢᠭᠤᠴᠠᠯᠭ᠎ᠠ ᠶᠢ | ᠪᠤᠲᠠᠲᠠᠶᠢᠵᠢᠭᠤᠯᠤᠨ ᠴᠢᠩᠭᠠᠳᠬᠠᠵᠤ᠂ ᠵᠢᠭᠰᠠᠭᠠᠨ ᠪᠠᠶᠢᠴᠠᠭᠠᠬᠤ᠂ ᠨᠠᠮᠳᠠᠭᠠᠬᠤ᠂ ᠲᠣᠭᠲᠠᠭᠤᠨ ᠢ ᠡᠵᠡᠮᠳᠡᠬᠦ᠂ ᠴᠣᠬᠢᠯᠲᠠ ᠥᠭᠬᠦ ᠡᠯ᠎ᠡ ᠭᠤᠭᠴᠤᠭ᠎ᠠ ᠶᠢᠨ ᠠᠵᠢᠯ ᠢ | ᠰᠠᠶᠢᠲᠤᠷ ᠬᠢᠵᠦ᠂ ︽ᠭᠤᠷᠪᠠ ᠶᠢ ᠭᠦᠢᠴᠡᠳᠬᠡᠵᠦ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠯᠠᠪᠳᠠᠭᠤᠨ ᠪᠤᠲᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠬᠢᠳᠠᠯ | ᠰᠣᠷᠪᠤᠯᠵᠢᠯᠠᠯ ᠤᠨ ᠠᠵᠢᠯ ᠤᠨ ᠺᠠᠳ᠋ᠷ ᠤᠨ ᠡᠩᠨᠡᠭᠡ ᠪᠣᠯᠤᠨ ᠵᠠᠬᠢᠳᠠᠯ ᠰᠣᠷᠪᠤᠯᠵᠢᠯᠠᠯ ᠤᠨ ᠮᠡᠳᠡᠭᠡ ᠵᠠᠩᠭᠢᠴᠢᠯᠠᠯᠲᠠ᠂ ᠤᠶᠤᠨᠴᠢᠯᠠᠯᠳᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠠᠬᠢᠳᠠᠯ ᠰᠣᠷᠪᠤᠯᠵᠢᠯᠠᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃ |