1 ᠳ᠋ᠦ᠋ᠭᠡᠷ ᠰᠠᠷ᠎ᠠ ᠶᠢᠨ 12 ᠤᠨ ᠡᠳᠦᠷ᠂ ︽ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠤᠭᠲᠤᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠶ᠎ᠡ︾ ᠭᠡᠬᠦ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠥᠭᠡᠷᠭᠦ ᠳᠠᠷᠤᠴᠠᠲᠤ ᠪᠠᠴᠢᠮ ᠠᠪᠤᠷᠠᠯᠳᠠ ᠶᠢᠨ ᠲᠡᠷᠭᠡ | ᠬᠠᠨᠳᠢᠪᠯᠠᠬᠤ ᠠᠵᠢᠯᠯᠠᠭ᠎ᠠ ᠬᠥᠬᠡᠬᠤᠲᠠ ᠳᠤ ᠶᠠᠪᠤᠭᠳᠠᠵᠤ᠂ ᠲᠤᠬᠠᠶ ᠶᠢᠨ ᠲᠠᠯᠠᠪᠤᠷ ᠲᠤ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ᠂ ᠮᠠᠨᠵᠤᠤᠷ ᠬᠤᠲᠠ ᠵᠡᠷᠭᠡ | ᠭᠠᠵᠠᠷ ᠲᠤ 11 ᠰᠦᠬᠡᠷᠬᠦ ᠳᠠᠷᠤᠴᠠᠲᠤ ᠪᠠᠴᠢᠮ ᠠᠪᠤᠷᠠᠯᠳᠠ ᠶᠢᠨ ᠲᠡᠷᠭᠡ ᠬᠠᠨᠳᠢᠪᠯᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠠᠵᠢᠯᠯᠠᠭ᠎ᠠ ᠳᠤ ᠣᠷᠣᠯᠴᠠᠭᠰᠠᠨ ᠪᠥᠭᠡᠳ ᠬᠠᠨᠳᠢᠪᠯᠡᠯ ᠬᠦᠷᠲᠡᠭᠰᠡᠨ ᠨᠢᠭᠡᠴᠢ ᠳᠤ ᠰᠦᠬᠡᠷᠬᠦ | ᠳᠠᠷᠤᠴᠠᠲᠤ ᠪᠠᠴᠢᠮ ᠠᠪᠤᠷᠠᠯᠳᠠ ᠶᠢᠨ ᠲᠡᠷᠭᠡᠨ ᠤ ᠲᠦᠯᠬᠢᠭᠦᠷ ᠢ ᠭᠠᠷᠳᠠᠭᠤᠯᠪᠠ᠃ | ᠲᠠᠨᠢᠯᠴᠠᠭᠤᠯᠤᠭᠰᠠᠨ ᠢᠶᠠᠷ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤᠳᠠᠯ ᠦᠭᠡᠶ ᠡᠬᠢᠯᠡᠬᠦ ᠭᠡᠵᠦ ᠪᠤᠢ᠂ | ᠰᠡᠳᠬᠢᠯ ᠢᠶᠠᠨ ᠨᠢᠭᠡᠳᠬᠡᠨ ᠬᠢᠵᠢᠭ ᠢ ᠡᠰᠡᠷᠭᠦᠴᠡᠬᠦ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠬᠤ ᠶᠢᠨ ᠲᠤᠰᠠᠳᠠ᠂ ᠳᠤᠮᠳᠠᠳᠤ ᠤᠯᠤᠰ ᠤᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠶ ᠡᠪᠯᠡᠯ ᠵᠢᠴᠢ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ | ᠵᠡᠷᠭᠡ ᠬᠠᠯᠠᠮᠵᠢ ᠶᠢᠨ ᠠᠵᠤ ᠠᠬᠤᠶᠢᠯᠠᠯ ᠤᠨ ᠬᠦᠴᠦᠲᠡᠶ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 382.8 | ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ 11 ᠰᠦᠬᠡᠷᠬᠦ ᠳᠠᠷᠤᠴᠠᠲᠤ ᠪᠠᠴᠢᠮ ᠠᠪᠤᠷᠠᠯᠳᠠ ᠶᠢᠨ ᠲᠡᠷᠭᠡ ᠵᠢᠴᠢ ᠬᠠᠮᠢᠶ᠎ᠠ ᠪᠥᠬᠦᠶ ᠢᠵᠢ | ᠪᠦᠷᠢᠳᠦᠭᠦᠯᠦᠭᠰᠡᠨ ᠡᠮᠴᠢᠯᠡᠭᠡᠨ ᠤ ᠲᠦᠭᠦᠭᠡᠷᠥᠮᠵᠢ ᠶᠢ ᠪᠠᠴᠢᠮ ᠬᠤᠳᠠᠯᠳᠤᠨ ᠠᠪᠴᠤ᠂ ᠬᠥᠯᠥᠨ ᠪᠤᠶᠢᠷ ᠬᠤᠲᠠ ᠳᠤ 2᠂ ᠤᠯᠠᠭᠠᠨᠴᠠᠪ ᠬᠤᠲᠠ ᠳᠤ 4᠂ ᠮᠠᠨᠵᠤᠤᠷ | ᠬᠤᠲᠠ ᠳᠤ 3᠂ ᠭᠠᠭᠴᠠᠮᠣᠳᠤ ᠬᠢᠯᠢ ᠶᠢᠨ ᠪᠣᠭᠤᠮᠲᠠ ᠪᠠ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠲᠣᠰ ᠲᠣᠰ 1 ᠬᠤᠪᠢᠶᠠᠷᠢᠯᠠᠨ ᠥᠭᠭᠦᠭᠰᠡᠨ | ᠪᠠᠶᠢᠨ᠎ᠠ᠃ | ᠲᠣᠰ ᠤᠳᠠᠭ᠎ᠠ ᠶᠢᠨ ᠬᠤᠪᠢᠶᠠᠷᠢᠯᠠᠭᠰᠠᠨ ᠲᠡᠷᠭᠡ ᠶᠢ ᠬᠢᠯᠢ ᠶᠢᠨ ᠪᠣᠭᠤᠮᠲᠠ ᠶᠢᠨ ᠬᠤᠲᠠ᠂ ᠪᠡᠭᠡᠵᠢᠩ ᠢ ᠲᠣᠭᠤᠷᠢᠭᠰᠠᠨ ᠭᠠᠵᠠᠷ ᠣᠷᠣᠨ ᠤ ᠡᠮᠴᠢᠯᠡᠭᠡᠨ ᠤ | ᠪᠠᠶᠢᠭᠤᠯᠤᠮᠵᠢ ᠶᠢᠨ ᠠᠰᠢᠭᠯᠠᠯᠲᠠ ᠳᠤ ᠣᠷᠣᠭᠤᠯᠵᠤ᠂ ᠲᠤᠬᠠᠶ ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠨ ᠳᠠᠮᠵᠢᠭᠤᠯᠤᠨ ᠲᠡᠭᠡᠭᠡᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠬᠦ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠵᠢᠯᠲᠠ ᠲᠠᠢ ᠶᠠᠪᠤᠭᠳᠠᠬᠤ ᠪᠠ ᠡᠷᠡᠭᠦᠯ ᠡᠩᠬᠡ ᠥᠪᠥᠷ ᠮᠣᠩᠭᠤᠯ ᠤᠨ | ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃ | |