1 ᠳ᠋ᠦ᠋ᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠬᠡᠷ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿14 · 5﹀ ᠶᠢᠨ ᠨᠠᠰᠤᠵᠢᠯ ᠤᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠳᠤ ᠲᠠᠶᠢᠯᠤᠮᠵᠢ ᠬᠢᠬᠦ ᠶᠢᠨ ᠬᠠᠮᠲᠤ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ︽14 · 5︾ ᠶᠢᠨ ᠬᠤᠭᠤᠴᠠᠭᠠᠨ ᠳᠤ᠂ ᠮᠠᠨ ᠤ ᠣᠷᠣᠨ ᠨᠠᠰᠤᠲᠠᠶᠢᠴᠤᠳ ᠲᠤ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠬᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠬᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠨᠠᠰᠤᠲᠠᠶᠢᠴᠤᠳ ᠲᠤ ᠨᠠᠩ ᠣᠯᠠᠨ ᠨᠡᠶᠢᠭᠡᠮ ᠤᠨ ᠣᠷᠣᠯᠴᠠᠯᠭ᠎ᠠ ᠬᠠᠩᠭᠠᠬᠤ᠂ | ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯ ᠢ ᠪᠠᠶᠢᠭᠤᠯᠬᠤ ᠵᠡᠷᠭᠡ ᠲᠠᠪᠤᠨ ᠵᠦᠢᠯ ᠤᠨ ᠲᠥᠷᠥ ᠶᠢᠨ ᠪᠣᠳᠣᠯᠭ᠎ᠠ ᠶᠢᠨ ︽ᠪᠡᠯᠡᠭ︾ | ᠬᠦᠷᠭᠡᠬᠦ ᠪᠠᠷ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ︽ᠲᠥᠯᠥᠪᠵᠢᠭᠦᠯᠭᠡ︾ ᠳᠤ ︽14 · 5︾ ᠶᠢᠨ ᠬᠤᠭᠤᠴᠠᠭᠠᠨ ᠳᠠᠬᠢ ᠪᠥᠬᠦ ᠣᠷᠣᠨ ᠤ ᠨᠠᠰᠤᠵᠢᠯ ᠤᠨ ᠦᠢᠯᠡᠰ ᠤᠨ | ᠬᠥᠭᠵᠢᠯᠲᠡ ᠶᠢᠨ ᠲᠠᠪᠤᠨ ᠲᠠᠯ᠎ᠠ ᠶᠢᠨ ᠭᠤᠤᠯ ᠬᠠᠷᠠᠯᠲᠠ ᠶᠢ ᠳᠤᠷᠠᠳᠪᠠ᠃ ᠨᠢᠭᠡᠳᠦᠭᠡᠷ ᠬᠠᠷᠠᠯᠲᠠ ᠨᠢ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠲᠣᠭᠲᠠᠯᠴᠠᠭ᠎ᠠ ᠶᠢ | ᠨᠡᠩ ᠰᠢᠨᠵᠢᠯᠡᠬᠦ ᠤᠬᠠᠭᠠᠨᠴᠢ ᠪᠣᠯᠭᠠᠨ ᠲᠡᠭᠦᠯᠳᠡᠷᠵᠢᠭᠦᠯᠦᠨ᠎ᠡ᠃ ︽14 · 5︾ ᠶᠢᠨ ᠬᠤᠭᠤᠴᠠᠭᠠᠨ ᠳᠤ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ | ᠨᠢᠭᠡᠳᠦᠯᠲᠡᠶ ᠲᠥᠯᠥᠪᠯᠡᠭᠰᠡᠨ᠂ ᠲᠥᠪ ᠭᠤᠣᠯᠴᠢ ᠨᠢᠭᠡᠳᠦᠯᠲᠡᠶ ᠪᠠᠶᠢᠯᠭᠠᠵᠤ᠂ ᠦᠷᠭᠦᠯᠵᠢᠯᠡᠵᠦ ᠪᠣᠯᠬᠤᠶᠢᠴᠠ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠲᠣᠭᠲᠠᠯᠴᠠᠭ᠎ᠠ ᠶᠢ ᠨᠡᠩ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠳᠠ | ᠦᠭᠡᠢ ᠥᠷᠭᠡᠳᠬᠡᠨ᠎ᠡ᠃ ᠣᠯᠭᠤᠮᠵᠢ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠨᠠᠩ ᠤᠷᠤᠭᠰᠢᠲᠠᠶ | ᠪᠣᠯᠭᠠᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ ᠢ ᠬᠠᠤᠯᠢ ᠪᠠᠷ ᠲᠣᠭᠲᠠᠭᠠᠭᠰᠠᠨ ᠬᠥᠮᠥᠨ ᠢ ᠪᠦᠬᠦᠨ ᠳᠤ ᠣᠯᠭᠤᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ | ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠠ ᠨᠠᠰᠤᠵᠢᠯ ᠤᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠰᠠᠨ ᠣᠷᠳᠣ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠥᠷᠥ ᠶᠢᠨ ᠪᠣᠳᠣᠯᠭ᠎ᠠ ᠶᠢᠨ ᠵᠠᠭᠪᠤᠷ ᠢ ᠠᠩᠬ᠎ᠠ ᠠᠯᠬᠤᠮ ᠪᠦᠷᠢᠯᠳᠦᠭᠦᠯᠦᠨ᠎ᠡ᠃ | ᠬᠤᠶᠠᠳᠤᠭᠠᠷ ᠬᠠᠷᠠᠯᠲᠠ ᠨᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ᠃ | ︽14 · 5︾ ᠶᠢᠨ ᠬᠤᠭᠤᠴᠠᠭᠠᠨ ᠳᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠠᠩ ᠵᠣᠬᠢᠰᠲᠠᠶ | ᠪᠣᠯᠭᠠᠵᠤ᠂ ᠦᠢᠯᠡᠴᠢᠯᠡᠭᠡᠨ ᠤ ᠠᠭᠤᠯᠭ᠎ᠠ ᠶᠢ ᠨᠠᠩ ᠪᠠᠶᠠᠯᠢᠭ ᠪᠣᠯᠭᠠᠨ᠂ ᠦᠢᠯᠡᠴᠢᠯᠡᠭᠡᠨ ᠤ ᠭᠤᠤᠯ ᠴᠣᠭᠴᠠ ᠶᠢ ᠨᠠᠩ ᠣᠯᠠᠨ ᠡᠰᠢᠵᠢᠭᠦᠯᠵᠦ ᠂ ᠦᠢᠯᠡᠴᠢᠯᠡᠭᠡᠨ ᠤ | ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ | ᠦᠨᠳᠦᠰᠦᠨ ᠳᠤ ᠪᠠᠨ ᠬᠠᠩᠭᠠᠨ᠎ᠠ᠃ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠵᠢᠷᠤᠮᠵᠢᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠨᠣᠷᠮ᠎ᠠ ᠶᠢ 65% ᠠᠴᠠ ᠳᠡᠭᠡᠭᠰᠢ ᠳᠤ ᠬᠦᠷᠦᠭᠦᠯᠵᠦ᠂ ᠬᠤᠶᠠᠳᠤᠭᠠᠷ ᠳᠡᠰ ᠵᠢᠴᠢ | ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠪᠠᠶᠢᠭᠤᠯᠬᠤ ᠬᠠᠷᠢᠴᠠᠯ ᠢ | 65% ᠠᠴᠠ ᠳᠡᠭᠡᠭᠰᠢ ᠳᠤ ᠬᠦᠷᠦᠭᠦᠯᠦᠨ᠎ᠡ᠃ | ᠭᠤᠷᠪᠠᠳᠤᠭᠠᠷ ᠬᠠᠷᠠᠯᠲᠠ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠨᠡᠩ ᠲᠡᠭᠦᠯᠳᠡᠷᠵᠢᠭᠦᠯᠦᠨ᠎ᠡ᠃ ︽14 · 5︾ ᠶᠢᠨ | ᠬᠤᠭᠤᠴᠠᠭᠠᠨ ᠳᠤ᠂ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠨᠡᠵᠦ ᠠᠰᠠᠷᠠᠬᠤ ᠪᠠ ᠡᠷᠡᠭᠦᠯᠵᠢᠭᠦᠯᠵᠦ | ᠠᠰᠠᠷᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠦᠨ᠎ᠡ᠃ ᠨᠡᠶᠢᠳᠡᠮ | ᠬᠠᠷᠠᠭᠠᠯᠵᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠷᠢᠯᠴᠠᠨ ᠬᠠᠪᠰᠤᠷᠤᠯᠴᠠᠬᠤ ᠴᠢᠨᠠᠷᠲᠠᠶ ᠠᠰᠠᠷᠠᠮᠵᠢ ᠶᠢ ᠤᠯᠠᠮ ᠨᠢᠭᠡ ᠠᠯᠬᠤᠮ | ᠬᠥᠭᠵᠢᠭᠦᠯᠵᠦ᠂ ᠡᠮᠨᠡᠬᠦ ᠪᠠ ᠠᠰᠠᠷᠠᠬᠤ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠬᠡᠷ ᠪᠦᠯᠢ ᠪᠣᠯᠣᠨ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 90% ᠳᠤ ᠬᠦᠷᠦᠭᠦᠯᠵᠦ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠰᠤᠪᠢᠯᠠᠬᠤ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ 55% ᠠᠴᠠ ᠳᠡᠭᠡᠭᠰᠢ ᠳᠤ ᠬᠦᠷᠦᠭᠦᠯᠦᠨ᠎ᠡ᠃ | ᠳᠥᠷᠪᠡᠳᠦᠭᠡᠷ ᠬᠠᠷᠠᠯᠲᠠ ᠨᠢ ᠨᠠᠰᠤᠲᠠᠶᠢᠴᠤᠳ ᠤᠨ ᠨᠡᠶᠢᠭᠡᠮ ᠤᠨ ᠣᠷᠣᠯᠴᠠᠯᠭ᠎ᠠ ᠶᠢ ᠨᠠᠩ ᠥᠷᠭᠡᠨ ᠪᠥᠭᠡᠳ ᠭᠦᠢᠴᠡᠳ ᠪᠣᠯᠭᠠᠨ᠎ᠠ᠃ ︽14 · 5︾ ᠶᠢᠨ | ᠬᠤᠭᠤᠴᠠᠭᠠᠨ ᠳᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠥᠭᠵᠢᠭᠦᠯᠵᠦ᠂ ᠨᠠᠰᠤᠨ | ᠲᠤᠷᠰᠢᠳᠠ ᠶᠢᠨ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠥᠯᠥᠪᠯᠡᠭᠡ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ᠂ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠨᠠᠰᠤᠲᠠᠶᠢᠴᠤᠳ ᠤᠨ ᠬᠥᠳᠡᠯᠮᠦᠷᠢ ᠬᠦᠴᠦᠨ ᠳᠤ ᠠᠵᠢᠯ ᠣᠯᠭᠤᠬᠤ ᠶᠢ ᠠᠬᠢᠭᠤᠯᠬᠤ ᠬᠠᠤᠯᠢ ᠴᠠᠭᠠᠵᠠ ᠶᠢᠨ | ᠬᠠᠮᠠᠭᠠᠯᠠᠯᠲᠠ᠂ ᠠᠵᠢᠯ ᠮᠡᠷᠭᠡᠵᠢᠯ ᠤᠨ ᠪᠣᠯᠪᠠᠰᠤᠷᠠᠯ ᠵᠡᠷᠭᠡ ᠬᠤᠯᠪᠣᠭᠳᠠᠯ ᠪᠥᠬᠦᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠵᠤ᠂ | ︽ᠪᠤᠭᠤᠷᠤᠯᠴᠤᠳ ᠤᠨ ᠠᠵᠢᠯᠯᠠᠭ᠎ᠠ︾ ᠶᠢᠨ ᠲᠥᠯᠥᠪᠯᠡᠭᠡ ᠶᠢ ᠶᠡᠭᠡ ᠪᠠᠷ ᠥᠷᠨᠢᠭᠦᠯᠦᠨ᠎ᠡ᠃ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯᠯᠠᠭ᠎ᠠ ᠳᠤ ᠪᠠᠶᠢᠩᠭᠤ | ᠣᠷᠣᠯᠴᠠᠬᠤ ᠨᠠᠰᠤᠲᠠᠶᠢᠴᠤᠳ ᠤᠨ ᠨᠠᠰᠤᠲᠠᠶᠢᠴᠤᠳ ᠤᠨ ᠬᠥᠮᠦᠨ ᠠᠮᠠ ᠳᠠᠬᠢ ᠡᠵᠡᠯᠡᠬᠦ ᠬᠠᠷᠢᠴᠠᠯ ᠢ 20% ᠠᠴᠠ ᠳᠡᠭᠡᠭᠰᠢ ᠳᠤ ᠬᠦᠷᠦᠭᠦᠯᠦᠨ᠎ᠡ᠃ | ᠲᠠᠪᠤᠳᠤᠭᠠᠷ ᠬᠠᠷᠠᠯᠲᠠ ᠨᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯ ᠤᠨ ᠪᠣᠷᠣ ᠲᠥᠯᠥᠪ ᠢ ᠦᠨᠳᠦᠰᠦᠨ ᠳᠤ ᠪᠠᠨ | ᠪᠠᠶᠢᠭᠤᠯᠤᠨ᠎ᠠ᠃ ︽14 · 5︾ ᠶᠢᠨ ᠬᠤᠭᠤᠴᠠᠭᠠᠨ ᠳᠤ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠥᠮᠦᠨ | ᠠᠮᠠ ᠶᠢᠨ ᠨᠠᠰᠤᠵᠢᠯᠲᠠ ᠶᠢ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠭᠠᠴᠠᠭᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠰᠤᠲᠠᠶᠢᠴᠤᠳ ᠤᠨ ᠣᠶᠤᠨᠴᠢ | ᠮᠡᠷᠭᠡᠵᠢᠯ ᠢ ᠬᠡᠷᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠢᠯᠡᠳᠲᠡ ᠰᠠᠶᠢᠵᠢᠷᠠᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠠᠵᠢᠯ ᠪᠠ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠢ ᠵᠣᠬᠢᠴᠠᠩᠭᠤᠶ ᠪᠠᠷ ᠬᠥᠭᠵᠢᠭᠦᠯᠵᠦ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ | ᠨᠡᠶᠢᠭᠡᠮ ᠤᠨ ᠠᠭᠤᠷ ᠠᠮᠢᠰᠬᠤᠯ ᠢ ᠨᠡᠩ ᠥᠳᠬᠡᠷᠡᠭᠦᠯᠦᠨᠡ᠃ ︽14 · 5︾ ᠶᠢᠨ ᠬᠤᠭᠤᠴᠠᠭᠠᠨ ᠳᠤ᠂ ᠵᠢᠯ ᠪᠦᠷᠢ ᠪᠦᠬᠦ ᠤᠯᠤᠰ ᠤᠨ ᠵᠢᠱᠢᠶ᠎ᠡ ᠦᠵᠡᠭᠦᠯᠬᠦ | ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ 30 ᠣᠷᠴᠢᠮ ᠡᠭᠦᠳᠦᠨ ᠪᠠᠶᠢᠭᠤᠯᠤᠨ᠎ᠠ᠃ |