ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ ︽ᠬᠤᠶᠠᠷ ᠪᠠᠶᠠᠷ︾ ᠤᠨ | ᠬᠤᠭᠤᠴᠠᠭᠠᠨ ᠳᠤ᠂ ᠢᠳᠡᠭᠡᠨ ᠤ ᠬᠡᠷᠡᠭᠯᠡᠭᠡᠨ ᠤ ᠣᠨᠴᠠᠯᠢᠭ ᠲᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ ᠰᠠᠭᠤᠷᠢᠯᠠᠨ᠂ ᠢᠳᠡᠭᠡᠨ ᠤ ᠠᠮᠤᠷ ᠲᠦᠪᠰᠢᠨ ᠳᠤ ᠰᠤᠭᠤᠴᠢᠨ | ᠪᠠᠶᠢᠴᠠᠭᠠᠯᠲᠠ ᠬᠢᠵᠦ ᠪᠠᠶᠢᠴᠠᠭᠠᠨ ᠰᠢᠨᠵᠢᠯᠡᠬᠦ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠭᠴᠤᠭ᠎ᠠ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠪᠠᠶᠢᠴᠠᠭᠠᠬᠤ᠂ | ᠠᠵᠤ ᠠᠬᠤᠶᠢᠯᠠᠯ ᠢ ᠰᠢᠮᠳᠠᠭᠤᠯᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠬᠤ ᠵᠡᠷᠭᠡ ᠣᠯᠠᠨ ᠲᠠᠯ᠎ᠠ ᠠᠴᠠ ᠭᠠᠷᠳᠠᠵᠤ᠂ ᠢᠳᠡᠭᠡᠨ ᠤ ᠠᠮᠤᠷ ᠲᠦᠪᠰᠢᠨ ᠤ ᠡᠯ᠎ᠡ ᠲᠥᠷᠥᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ | ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠬᠤ ᠠᠴᠠ ᠴᠢᠩᠭ᠎ᠠ ᠰᠡᠷᠭᠡᠶᠢᠯᠡᠵᠦ ᠪᠤᠢ᠃ | ᠢᠳᠡᠭᠡᠨ ᠤ ᠠᠮᠤᠷ ᠲᠦᠪᠰᠢᠨ ᠤ ᠰᠤᠭᠤᠴᠢᠨ ᠪᠠᠶᠢᠴᠠᠭᠠᠯᠲᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ ᠳᠤ ᠪᠠᠶᠠᠷ ᠤᠨ ᠡᠳᠦᠷ ᠤᠨ ᠬᠤᠭᠤᠴᠠᠭᠠᠨ ᠳᠠᠬᠢ | ᠬᠡᠷᠡᠭᠯᠡᠭᠡᠨ ᠤ ᠬᠡᠮᠵᠢᠶ᠎ᠡ ᠪᠠᠷ ᠶᠡᠭᠡ ᠪᠣᠯᠬᠤ ᠢᠳᠡᠭᠡᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠬᠦ ᠶᠢ ᠥᠷᠨᠢᠭᠦᠯᠵᠦ᠂ 9 ᠢᠳᠡᠭᠡᠨ ᠤ ᠶᠡᠭᠡ ᠲᠥᠷᠥᠯ᠂ | 14 ᠲᠥᠷᠥᠯ ᠵᠦᠢᠯ᠂ 100 ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠬᠤ ᠡᠭᠦᠷᠭᠡ ᠶᠢ ᠲᠣᠬᠢᠷᠠᠭᠤᠯᠪᠠ᠃ ᠦᠢᠯᠡᠳᠪᠦᠷᠢᠯᠡᠯ ᠤᠨ ᠭᠤᠭᠴᠤᠭ᠎ᠠ ᠳᠤ | ︽ᠳᠥᠷᠪᠡ ᠶᠢ ᠭᠦᠢᠴᠡᠳᠬᠡᠬᠦ ᠦᠭᠡᠢ ᠬᠤᠶᠠᠷ ᠢ ᠰᠢᠭᠤᠳ ᠭᠦᠢᠴᠡᠳᠬᠡᠬᠦ + ᠰᠤᠭᠤᠴᠢᠨ ᠪᠠᠶᠢᠴᠠᠭᠠᠵᠤ ᠥᠯᠢᠭᠡᠷ ᠠᠪᠬᠤ︾ ᠠᠷᠭ᠎ᠠ ᠮᠠᠶ᠋ᠢᠭ ᠢ ᠬᠡᠷᠡᠭᠯᠡᠵᠦ᠂ ᠪᠠᠶᠠᠷ ᠤᠨ | ᠡᠳᠦᠷ ᠤᠨ ᠬᠤᠭᠤᠴᠠᠭᠠᠨ ᠳᠤ ᠬᠡᠷᠡᠭᠯᠡᠭᠡᠨ ᠤ ᠬᠡᠮᠵᠢᠶ᠎ᠡ ᠪᠠᠷ ᠨᠡᠯᠢᠶᠡᠳ ᠶᠡᠭᠡ ᠴᠠᠭᠠᠨ ᠢᠳᠡᠭᠡᠨ᠂ ᠮᠢᠬᠠᠨ ᠤ ᠪᠦᠲᠦᠭᠡᠭᠳᠡᠬᠦᠨ᠂ ᠰᠦ ᠠᠭᠤᠯᠤᠭᠰᠠᠨ ᠬᠠᠲᠠᠭᠤ | ᠲᠦᠯᠦᠪᠲᠦ ᠬᠡᠯᠪᠡᠷᠢᠵᠢᠭᠰᠡᠨ ᠪᠦᠲᠦᠭᠡᠭᠳᠡᠬᠦᠨ᠂ ᠵᠢᠶᠠᠩᠶ᠋ᠢᠦ᠂ ᠼᠤᠤ ᠪᠠ ᠢᠳᠡᠰᠢᠨ ᠤ ᠤᠷᠭᠤᠮᠠᠯ ᠤᠨ ᠲᠣᠰᠣᠨ ᠤ ᠪᠣᠶ ᠪᠥᠬᠦᠶ ᠠᠵᠤ ᠠᠬᠤᠶᠢᠯᠠᠯ ᠤᠨ ᠢᠳᠡᠭᠡᠨ ᠤ | ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ ᠳᠤ ᠪᠦᠬᠦᠨ ᠢ ᠬᠠᠮᠤᠷᠤᠭᠰᠠᠨ ᠵᠢᠭᠰᠠᠭᠠᠨ ᠪᠠᠶᠢᠴᠠᠭᠠᠯᠲᠠ ᠬᠢᠬᠦ ᠶᠢᠨ ᠬᠠᠮᠲᠤ | ᠠᠵᠤ ᠠᠬᠤᠶᠢᠯᠠᠯ ᠤᠨ ᠡᠴᠦᠰ ᠤᠨ ᠪᠦᠲᠦᠭᠡᠭᠳᠡᠬᠦᠨ ᠠᠴᠠ ᠥᠯᠢᠭᠡᠷ ᠠᠪᠬᠤ ᠪᠠᠷ ᠪᠤᠢ᠃ | ︽ᠬᠤᠶᠠᠷ ᠪᠠᠶᠠᠷ︾ ᠤᠨ ᠬᠤᠭᠤᠴᠠᠭᠠᠨ ᠤ ᠬᠡᠷᠡᠭᠯᠡᠭᠡᠨ ᠤ ᠣᠨᠴᠠᠯᠢᠭ ᠢ ᠦᠨᠳᠦᠰᠦᠯᠡᠵᠦ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠢᠳᠡᠭᠡᠨ ᠤ ᠭᠦᠢᠯᠭᠡᠭᠡᠨ ᠤ ᠭᠤᠭᠴᠤᠭ᠎ᠠ ᠳᠤ ᠬᠠᠨᠳᠤᠭᠤᠯᠤᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠥᠷᠥᠯ ᠵᠦᠢᠯ ᠳᠤ | ᠴᠢᠭᠯᠡᠭᠦᠯᠦᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠭᠦᠨ ᠳᠤ ᠡᠯ᠎ᠡ ᠲᠥᠷᠥᠯ ᠤᠨ ᠢᠳᠡᠭᠡᠨ ᠤ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ᠂ ᠲᠣᠮᠣ ᠬᠡᠯᠪᠡᠷᠢ ᠶᠢᠨ ᠬᠦᠢᠲᠡᠨ ᠬᠥᠮᠥᠷᠭᠡ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠤᠯᠪᠣᠭᠠᠲᠤ ᠬᠡᠳᠦ ᠳᠡᠯᠭᠡᠭᠦᠷ᠂ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠬᠤᠷᠳᠤᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ | ᠵᠡᠷᠭᠡ ᠬᠥᠮᠦᠰ ᠴᠤᠭᠯᠠᠷᠠᠭᠰᠠᠨ ᠭᠠᠵᠠᠷ ᠲᠤ ᠨᠡᠭᠡᠭᠡᠭᠰᠡᠨ ᠬᠡᠳᠦ ᠳᠡᠯᠭᠡᠭᠦᠷ᠂ ᠢᠳᠡᠭᠡᠨ ᠤ ᠳᠡᠯᠭᠡᠭᠦᠷ᠂ ᠵᠢᠵᠢᠭ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ | ᠬᠢᠨᠠᠯᠲᠠ ᠪᠠᠶᠢᠴᠠᠭᠠᠯᠲᠠ ᠥᠷᠨᠢᠭᠦᠯᠦᠨ᠎ᠡ᠃ ᠡᠭᠦᠨ ᠤ ᠬᠠᠮᠲᠤ ᠪᠠᠶᠠᠷ ᠤᠨ ᠡᠳᠦᠷ ᠤᠨ ᠬᠤᠭᠤᠴᠠᠭᠠᠨ ᠳᠤ ᠬᠡᠷᠡᠭᠯᠡᠭᠡᠨ ᠤ ᠬᠡᠮᠵᠢᠶ᠎ᠡ ᠪᠠᠷ ᠶᠡᠭᠡ ᠪᠣᠯᠬᠤ ᠮᠢᠬ᠎ᠠ ᠵᠢᠴᠢ | ᠮᠢᠬᠠᠨ ᠤ ᠪᠦᠲᠦᠭᠡᠭᠳᠡᠬᠦᠨ᠂ ᠠᠷᠢᠬᠢᠨ ᠤ ᠵᠦᠢᠯ ᠢᠯᠠᠩᠭᠤᠶ᠎ᠠ ᠰᠤᠯᠠ ᠰᠠᠪᠠᠯᠠᠭᠰᠠᠨ ᠬᠠᠷ᠎ᠠ ᠠᠷᠢᠬᠢ᠂ ᠬᠥᠯᠳᠡᠭᠡᠭᠰᠡᠨ ᠪᠠᠩᠰᠢ᠂ ᠠᠷᠠᠳ ᠤᠨ ᠵᠠᠩ ᠦᠢᠯᠡ ᠶᠢᠨ ᠣᠨᠴᠠ | ᠭᠠᠷᠤᠯᠲᠠᠲᠤ ᠢᠳᠡᠭᠡᠨ᠂ ᠬᠠᠭᠤᠷᠤᠭᠰᠠᠨ ᠪᠠᠷᠠᠭ᠎ᠠ ᠵᠢᠴᠢ ᠬᠠᠲᠠᠭᠤ ᠵᠢᠮᠢᠰ ᠤᠨ ᠢᠳᠡᠭᠡᠨ ᠵᠡᠷᠭᠡ ᠳᠤ ᠴᠢᠭᠯᠡᠭᠦᠯᠦᠨ ᠬᠢᠨᠠᠯᠲᠠ ᠲᠠᠯᠪᠢᠵᠤ ᠪᠠᠶᠢᠴᠠᠭᠠᠨ᠎ᠠ᠃ ᠢᠳᠡᠭᠡᠨ ᠤ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠨ ᠣᠷᠣᠭᠤᠯᠬᠤ ᠪᠣᠭᠤᠮᠲᠠ᠂ ᠢᠳᠡᠭᠡᠨ ᠤ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠡᠵᠡᠮᠳᠡᠬᠦ ᠲᠠᠯ᠎ᠠ ᠪᠠᠷ᠂ | ᠢᠳᠡᠭᠡᠨ ᠤ ᠡᠵᠡᠩᠨᠡᠭᠴᠢᠳ ᠤᠨ ᠦᠨᠡᠮᠯᠡᠯ ᠪᠠᠷᠢᠮᠲᠠ ᠠᠪᠬᠤ᠂ ︽ᠨᠢᠭᠡ ᠪᠢᠯᠧᠲ ᠢᠶᠠᠷ ᠥᠩᠭᠡᠷᠡᠭᠦᠯᠬᠦ︾ ᠲᠥᠷᠢᠮ ᠢ ᠪᠠᠶᠢᠭᠤᠯᠤᠨ ᠨᠠᠶᠢᠳᠠᠪᠤᠷᠢᠵᠢᠭᠤᠯᠤᠭᠰᠠᠨ ᠳᠤ | ᠬᠠᠤᠯᠢ ᠶᠣᠰᠣᠭᠠᠷ ᠬᠢᠨᠠᠯᠲᠠ ᠲᠠᠯᠪᠢᠨ᠎ᠠ᠃ ᠵᠥᠪᠬᠡᠨ ᠰᠢᠨ᠎ᠡ ᠵᠢᠯ ᠤᠨ ᠬᠤᠭᠤᠴᠠᠭᠠᠨ ᠳᠤ᠂ ᠪᠥᠬᠦ ᠣᠷᠣᠨ ᠤ ᠢᠳᠡᠭᠡᠨ ᠤ ᠭᠦᠢᠯᠭᠡᠭᠡᠨ ᠤ ᠭᠤᠭᠴᠤᠭ᠎ᠠ ᠳᠤ ᠬᠠᠤᠯᠢ | ᠬᠡᠷᠡᠭᠵᠢᠭᠦᠯᠬᠦ ᠠᠵᠢᠯᠲᠠᠨ 33921 ᠬᠥᠮᠦᠨ ᠤᠳᠠᠭ᠎ᠠ ᠲᠣᠮᠢᠯᠠᠨ᠂ ᠡᠵᠡᠩᠨᠡᠭᠴᠢ ᠶᠢ 25441 ᠡᠷᠦᠬᠡ ᠤᠳᠠᠭ᠎ᠠ ᠪᠠᠶᠢᠴᠠᠭᠠᠵᠤ᠂ ᠬᠡᠷᠡᠭᠯᠡᠭᠴᠢᠳ ᠤᠨ ᠭᠤᠮᠣᠳᠠᠯ | ᠲᠣᠭᠠᠴᠢᠭᠰᠠᠨ ᠪᠠ ᠢᠯᠡᠴᠢᠯᠡᠨ ᠮᠡᠳᠡᠭᠦᠯᠦᠭᠰᠡᠨ 146 ᠬᠡᠷᠡᠭ ᠢ ᠭᠥᠯᠢᠶᠡᠨ ᠠᠪᠤᠭᠰᠠᠨ ᠪᠠ ᠰᠢᠢᠳᠪᠦᠷᠢᠯᠡᠵᠦ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ | ᠪᠢᠴᠢᠭ 266 ᠬᠤᠪᠢ ᠪᠠᠭᠤᠯᠭᠠᠵᠤ᠂ 500 ᠺᠢᠯᠣᠭ᠍ᠷᠠᠮ ᠢᠳᠡᠭᠡᠨ ᠤ ᠵᠦᠢᠯ ᠤᠨ ᠪᠣᠷᠣᠯᠠᠭᠤᠯᠤᠯᠲᠠ ᠶᠢ ᠵᠣᠭᠰᠣᠭᠰᠠᠨ ᠪᠤᠶᠤ ᠵᠠᠬ᠎ᠠ ᠳᠡᠯᠭᠡᠭᠦᠷ ᠠᠴᠠ ᠪᠤᠴᠠᠭᠠᠵᠤ | ᠭᠠᠷᠭᠠᠬᠤ ᠪᠠᠷ ᠵᠠᠷᠯᠢᠭᠳᠠᠵᠤ᠂ 5 ᠵᠦᠢᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ | ᠡᠭᠦᠨ ᠤ ᠬᠠᠮᠲᠤ᠂ ᠣᠨᠴᠠᠭᠠᠶ ᠢᠳᠡᠭᠡᠨ ᠵᠢᠴᠢ ᠢᠳᠡᠭᠡᠨ ᠤ ᠳᠠᠪᠤᠰᠤᠨ ᠤ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠪᠠ᠃ ᠭᠤᠣᠯᠳᠠᠭᠤ ᠲᠤᠰᠬᠠᠶ | ᠵᠠᠬ᠎ᠠ ᠳᠡᠯᠭᠡᠭᠦᠷ᠂ ᠬᠤᠳᠠᠯᠳᠤᠭᠠᠨ ᠤ ᠬᠡᠳᠦ ᠳᠡᠯᠭᠡᠭᠦᠷ᠂ ᠬᠤᠯᠪᠣᠭᠠᠲᠤ ᠳᠡᠯᠭᠡᠭᠦᠷ᠂ ᠡᠬᠡ ᠨᠢᠯᠬᠠᠰ ᠤᠨ ᠳᠡᠯᠭᠡᠭᠦᠷ ᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠢᠳᠡᠭᠡᠨ᠂ | ᠣᠨᠴᠠᠭᠠᠶ ᠠᠨᠠᠭᠠᠬᠤ ᠤᠬᠠᠭᠠᠨ ᠤ ᠬᠡᠷᠡᠭᠯᠡᠭᠡᠨ ᠤ ᠨᠠᠶᠢᠷᠠᠯᠭ᠎ᠠ ᠲᠠᠢ ᠢᠳᠡᠭᠡᠨ᠂ ᠡᠷᠡᠭᠦᠯᠵᠢᠯ ᠤᠨ ᠢᠳᠡᠭᠡᠨ ᠵᠢᠴᠢ ᠢᠳᠡᠭᠡᠨ ᠤ ᠳᠠᠪᠤᠰᠤᠨ ᠤ ᠦᠢᠯᠡᠳᠪᠦᠷᠢᠯᠡᠯ | ᠡᠵᠡᠩᠨᠡᠯᠲᠡ ᠶᠢᠨ ᠠᠵᠤ ᠠᠬᠤᠶᠢᠯᠠᠯ ᠤᠳ ᠤᠨ ᠲᠤᠰᠬᠠᠶ ᠲᠣᠭᠤᠷᠢᠭ ᠲᠤᠰᠬᠠᠶ ᠠᠪᠳᠠᠷ᠎ᠠ ᠶᠢᠨ ᠪᠣᠷᠣᠯᠠᠭᠤᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ | ᠡᠰᠡᠬᠦ᠂ ᠬᠠᠮᠢᠶᠠᠷᠤᠯᠲᠠ ᠶᠢᠨ ᠨᠠᠷᠢᠨ ᠬᠠᠭᠤᠳᠠᠰᠤ ᠶᠢᠨ ᠲᠦᠷᠢᠮ ᠢ ᠵᠢᠷᠤᠮᠵᠢᠭᠤᠯᠤᠭᠰᠠᠨ ᠡᠰᠡᠬᠦ᠂ ᠥᠰᠬᠡᠭᠡᠨ ᠲᠥᠰᠬᠡᠭᠡᠨ ᠲᠠᠢ ᠤᠬᠠᠭᠤᠯᠭ᠎ᠠ ᠪᠠ ᠬᠤᠳᠠᠯ ᠬᠠᠭᠤᠷᠮᠠᠭ | ᠤᠬᠠᠭᠤᠯᠭ᠎ᠠ ᠬᠢᠭᠰᠡᠨ ᠡᠰᠡᠬᠦ᠂ ᠢᠳᠡᠭᠡᠨ ᠤ ᠳᠠᠪᠤᠰᠤᠨ ᠤ ᠪᠣᠭᠤᠳᠠᠯ ᠤᠨ ᠱᠣᠰᠢᠭ᠎ᠠ ᠲᠡᠮᠳᠡᠭ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠡᠰᠡᠬᠦ | ᠵᠡᠷᠭᠡ ᠳᠤ ᠪᠠᠶᠢᠴᠠᠭᠠᠯᠲᠠ ᠬᠢᠪᠡ᠃ ᠣᠳᠣ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠣᠨᠴᠠᠭᠠᠢ ᠢᠳᠡᠭᠡᠨ ᠵᠢᠴᠢ ᠢᠳᠡᠭᠡᠨ ᠤ ᠳᠠᠪᠤᠰᠤᠨ ᠤ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 11453 ᠡᠷᠦᠬᠡ ᠤᠳᠠᠭ᠎ᠠ ᠪᠠᠶᠢᠴᠠᠭᠠᠵᠤ᠂ ᠵᠠᠷᠯᠢᠭᠳᠠᠨ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ 6 ᠬᠤᠪᠢ ᠪᠠᠭᠤᠯᠭᠠᠪᠠ᠃ |