ᠵᠠᠭᠤᠴᠢᠯᠠᠭᠤᠷ ᠤᠨ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠨᠠᠰᠤᠲᠠᠨ ᠢ ᠠᠰᠠᠷᠠᠵᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ ︵2021 — 2025 ᠣᠨ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾
ᠨᠡᠶᠢᠲᠡᠯᠡᠭᠰᠡᠨ ᠴᠠᠭ᠄
2022/1/14

      ᠨᠢᠭᠡ᠂ ᠠᠵᠢᠯ ᠤᠨ ᠬᠠᠷᠠᠯᠲᠠ

      2025 ᠣᠨ ᠤ ᠰᠡᠭᠦᠯᠴᠢ ᠪᠣᠯᠬᠤ ᠳᠤ᠂ ᠪᠦᠬᠦ ᠣᠷᠣᠨ ᠤ ᠬᠤᠲᠠ ᠬᠥᠳᠡᠭᠡ ᠶᠢᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠯᠥᠪᠵᠢᠭᠦᠯᠭᠡ᠂ ᠬᠡᠷᠡᠭᠯᠡᠬᠦ ᠭᠠᠵᠠᠷ᠂ ᠡᠳ᠋ ᠤᠨ ᠵᠠᠰᠠᠭ ᠭᠠᠶᠢᠯᠢ ᠵᠡᠷᠭᠡ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠲᠠᠰᠤᠷᠠᠯᠲᠠ ᠦᠭᠡᠶ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠲᠤᠰᠬᠠᠶᠢᠵᠢᠭᠰᠠᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠶ ᠲᠦᠷᠭᠡᠳᠬᠡᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠠᠩᠬ᠎ᠠ ᠠᠯᠬᠤᠮ ᠪᠣᠶ ᠪᠣᠯᠭᠠᠵᠤ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠢᠯᠡᠳᠲᠡ ᠨᠡᠮᠡᠭᠳᠡᠭᠦᠯᠦᠨ᠂ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠰᠤᠪᠢᠯᠠᠯᠲᠠ ᠶᠢᠨ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ 55% ᠠᠴᠠ ᠳᠡᠭᠡᠭᠰᠢ ᠳᠤ ᠬᠦᠷᠦᠭᠦᠯᠵᠦ᠂ ᠬᠤᠲᠠ ᠶᠢᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠴᠢᠨᠠᠷᠲᠠᠶ ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ︵ᠲᠥᠪ︶ ᠶᠢᠨ ᠬᠠᠮᠤᠷᠬᠤ ᠨᠣᠷᠮ᠎ᠠ ᠶᠢ 100% ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠰᠠᠭᠠᠲᠠᠭᠤᠯᠵᠤ ᠳᠡᠶᠢᠯᠬᠦ ᠲᠤᠭ᠎ᠠ ᠶᠢ 4 ᠠᠴᠠ ᠳᠡᠭᠡᠭᠰᠢ ᠳᠤ ᠬᠦᠷᠦᠭᠦᠯᠦᠨ᠎ᠡ᠃

      ᠬᠤᠶᠠᠷ᠂ ᠭᠤᠣᠯ ᠡᠭᠦᠷᠭᠡ

      ︵ᠨᠢᠭᠡ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃

      ᠨᠠᠰᠤᠲᠠᠨ ᠢ ᠠᠰᠠᠷᠠᠬᠤ ᠪᠠ ᠬᠡᠦᠬᠡᠳ ᠰᠠᠭᠠᠲᠠᠭᠤᠯᠬᠤ ᠬᠤᠶᠠᠷ ᠶᠡᠭᠡ ᠦᠢᠯᠡᠴᠢᠯᠡᠭᠡᠨ ᠤ ᠲᠣᠭᠲᠠᠯᠴᠠᠭ᠎ᠠ ᠶᠢ ᠨᠢᠭᠡᠳᠦᠯᠲᠡᠶ ᠲᠥᠯᠥᠪᠵᠢᠭᠦᠯᠦᠨ᠎ᠡ᠃ 2025 ᠣᠨ ᠪᠣᠯᠬᠤ ᠳᠤ᠂ ᠬᠡᠷ ᠲᠤ ᠪᠠᠨ ᠰᠠᠭᠤᠬᠤ ᠨᠡᠶᠢᠭᠡᠮ ᠲᠣᠭᠤᠷᠢᠭ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠵᠤ᠂ ᠡᠮᠴᠢᠯᠡᠵᠦ ᠠᠰᠠᠷᠠᠬᠤ ᠪᠠ ᠰᠤᠪᠢᠯᠠᠵᠤ ᠠᠰᠠᠷᠠᠬᠤ ᠶᠢ ᠤᠶᠠᠯᠳᠤᠭᠤᠯᠤᠭᠰᠠᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠣᠭᠲᠠᠯᠴᠠᠭ᠎ᠠ ᠪᠠ ᠡᠷᠡᠭᠦᠯ ᠮᠡᠨᠳᠦ ᠶᠢᠨ ᠲᠤᠯᠭᠠᠭᠤᠷᠢᠯᠠᠯ ᠤᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠭᠤᠤᠯ ᠴᠣᠭᠴᠠ ᠨᠢ ᠣᠯᠠᠨ ᠡᠰᠢᠵᠢᠭᠰᠡᠨ᠂ ᠨᠡᠶᠢᠭᠡᠮ ᠲᠣᠭᠤᠷᠢᠭ ᠲᠤ ᠲᠦᠰᠢᠭᠯᠡᠭᠰᠡᠨ᠂ ᠴᠢᠨᠠᠷᠯᠢᠭ ᠮᠥᠷᠲᠡᠭᠡᠨ ᠲᠦᠭᠡᠮᠡᠯ ᠬᠠᠷᠠᠭᠠᠯᠵᠠᠭᠰᠠᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ᠃

      ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠦᠭᠰᠡᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠪᠠᠷ ᠪᠠᠶᠢᠭᠤᠯᠤᠭᠰᠠᠨ ᠬᠤᠲᠠ ᠪᠠᠯᠭᠠᠰᠤ ᠶᠢᠨ ᠰᠠᠭᠤᠭᠠᠯᠢ ᠲᠣᠭᠤᠷᠢᠭ ᠲᠤ ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠪᠠ ᠨᠢᠯᠬ᠎ᠠ ᠬᠡᠤᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠲᠠᠯᠠᠪᠤᠷ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠢᠵᠢ ᠪᠦᠷᠢᠳᠦᠭᠦᠯᠦᠭᠰᠡᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠤᠨ᠎ᠠ᠃ 2021 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠤᠨ ᠢᠵᠢ ᠪᠥᠷᠢᠳᠦᠭᠦᠯᠦᠭᠰᠡᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ︽ᠳᠥᠷᠪᠡ ᠶᠢ ᠵᠡᠷᠭᠡ ᠳᠤ ᠨᠢ ᠭᠦᠢᠴᠡᠳᠬᠡᠬᠦ︾ ︵ᠵᠡᠷᠭᠡ ᠳᠤ ᠨᠢ ᠲᠥᠯᠥᠪᠵᠢᠭᠦᠯᠬᠦ᠂ ᠵᠡᠷᠭᠡ ᠳᠤ ᠨᠢ ᠪᠠᠶᠢᠭᠤᠯᠬᠤ᠂ ᠵᠡᠷᠭᠡ ᠳᠤ ᠨᠢ ᠰᠢᠯᠭᠠᠬᠤ᠂ ᠵᠡᠷᠭᠡ ᠳᠤ ᠨᠢ ᠲᠤᠰᠢᠶᠠᠬᠤ︶ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠠᠶᠢᠭᠤᠯᠤᠭᠰᠠᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ ᠬᠦᠷᠦᠭᠦᠯᠦᠨ᠎ᠡ᠃

      ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠬᠡᠷᠡᠭᠯᠡᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠨᠥᠬᠦᠴᠡᠯ ᠳᠤ ᠨᠡᠶᠢᠴᠡᠭᠰᠡᠨ ᠬᠥᠳᠡᠯᠮᠦᠷᠢᠴᠢᠨ ᠢ ᠰᠢᠩᠭᠡᠭᠡᠨ ᠠᠪᠤᠭᠰᠠᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃ ᠨᠥᠬᠦᠴᠡᠯ ᠲᠠᠢ ᠭᠠᠵᠠᠷ ᠣᠷᠣᠨ ᠨᠢ ᠲᠦᠭᠡᠮᠡᠯ ᠬᠠᠷᠠᠭᠠᠯᠵᠠᠯᠲᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠱᠠᠩᠨᠠᠵᠤ ᠨᠥᠬᠦᠪᠥᠷᠢ ᠥᠭᠬᠦ ᠶᠢ ᠵᠣᠷᠢᠭᠵᠢᠭᠤᠯᠬᠤ ᠲᠦᠷᠢᠮ ᠢ ᠰᠦᠪᠡᠭᠴᠢᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠵᠣᠬᠢᠬᠤ ᠪᠥᠲᠥᠭᠡᠨ ᠪᠠᠶᠢᠭᠤᠯᠤᠯᠲᠠ ᠪᠤᠶᠤ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠨᠢᠷᠠᠢ ᠨᠢᠯᠬ᠎ᠠ ᠬᠡᠤᠬᠡᠳ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠬᠥᠲᠥᠯᠦᠨ ᠵᠢᠯᠣᠭᠤᠳᠬᠤ ᠶᠢ ᠵᠣᠷᠢᠭᠵᠢᠭᠤᠯᠤᠨ᠎ᠠ᠃

      ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠴᠢ ᠬᠥᠮᠦᠵᠢᠭᠦᠯᠬᠦ ᠠᠷᠭ᠎ᠠ ᠵᠠᠮ ᠢ ᠥᠷᠭᠡᠳᠬᠡᠨ᠎ᠡ᠃ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠵᠢᠭᠠᠨ ᠰᠤᠷᠭᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠠᠨᠠᠭᠠᠬᠤ ᠤᠬᠠᠭᠠᠨ᠂ ᠨᠠᠰᠤᠲᠠᠶᠢᠴᠤᠳ ᠢ ᠠᠰᠠᠷᠠᠨ ᠰᠤᠪᠢᠯᠠᠬᠤ᠂ ᠨᠡᠶᠢᠭᠡᠮ ᠤᠨ ᠠᠵᠢᠯ᠂ ᠨᠢᠷᠠᠢ ᠨᠢᠯᠬ᠎ᠠ ᠬᠡᠦᠬᠡᠳ ᠤᠨ ᠬᠥᠭᠵᠢᠯᠲᠡ ᠬᠢᠭᠡᠳ ᠡᠷᠡᠭᠦᠯ ᠮᠡᠨᠳᠦ ᠶᠢᠨ ᠬᠠᠮᠢᠶᠠᠷᠤᠯᠲᠠ᠂ ᠨᠢᠷᠠᠢ ᠨᠢᠯᠬ᠎ᠠ ᠬᠡᠦᠬᠡᠳ ᠢ ᠠᠰᠠᠷᠠᠨ ᠬᠥᠮᠦᠵᠢᠭᠦᠯᠬᠦ ᠵᠡᠷᠭᠡ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃

      ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠦᠢᠯᠡᠰ ᠴᠣᠭᠴᠠᠯᠠᠵᠤ ᠪᠠᠯᠠ ᠣᠷᠣᠭᠤᠯᠬᠤ ᠰᠠᠭᠤᠷᠢ ᠮᠥᠩᠭᠦ᠂ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠰᠠᠭᠤᠷᠢ ᠮᠥᠩᠭᠦ ᠵᠡᠷᠭᠡ ᠶᠢᠨ ᠵᠠᠬ᠎ᠠ ᠳᠡᠯᠭᠡᠭᠦᠷᠴᠢᠯᠡᠬᠦ᠂ ᠬᠠᠤᠯᠢᠵᠢᠬᠤ ᠵᠠᠷᠴᠢᠮ ᠶᠣᠰᠣᠭᠠᠷ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠬᠦᠷᠢᠶᠡᠨ ᠳᠠᠬᠢ ᠪᠠᠯᠠ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭ᠎ᠠ ᠶᠢᠨ ᠳᠠᠭᠠᠳᠬᠠᠯ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠬᠠᠮᠢᠶ᠎ᠠ ᠪᠥᠬᠦᠶ ᠳᠠᠭᠠᠳᠬᠠᠯ ᠵᠢᠴᠢ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠬᠤᠳᠠᠯᠳᠤᠭᠠᠨ ᠤ ᠳᠠᠭᠠᠳᠬᠠᠯ ᠵᠡᠷᠭᠡ ᠦᠢᠯᠡᠳᠬᠦᠨ ᠨᠡᠭᠡᠭᠡᠨ ᠬᠥᠭᠵᠢᠭᠦᠯᠬᠦ ᠶᠢ ᠳᠡᠮᠵᠢᠨ᠎ᠡ᠃

      ︵ᠬᠤᠶᠠᠷ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠨ᠎ᠡ᠃

      ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ 2025 ᠣᠨ ᠪᠣᠯᠬᠤ ᠳᠤ᠂ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ ᠥᠬᠡᠶ ᠣᠨᠴᠠ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ᠂ ᠲᠥᠪᠯᠡᠷᠡᠭᠦᠯᠦᠨ ᠠᠰᠠᠷᠠᠨ ᠲᠡᠵᠢᠭᠡᠯᠭᠡᠬᠦ ᠰᠠᠨᠠᠭ᠎ᠠ ᠲᠠᠢ ᠣᠨᠴᠠ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ ᠶᠢ 100% ᠳᠤ ᠬᠦᠷᠦᠭᠦᠯᠦᠨ᠎ᠡ᠃ ᠤᠯᠤᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠢᠳᠠᠪᠤᠷᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠠᠵᠤ ᠠᠬᠤᠶ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠬᠠᠩᠭᠠᠵᠤ᠂ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ ᠥᠬᠡᠶ ᠠᠵᠤ ᠠᠬᠤᠶ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠨ ᠰᠤᠪᠢᠯᠠᠬᠤ ᠨᠥᠬᠦᠪᠥᠷᠢ ᠬᠠᠩᠭᠠᠨ᠎ᠠ᠃

      ᠬᠡᠷ ᠪᠦᠯᠢ ᠶᠢᠨ ᠬᠠᠷᠠᠭᠠᠯᠵᠠᠨ ᠠᠰᠠᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷ ᠪᠦᠯᠢ ᠶᠢᠨ ᠨᠠᠰᠤᠲᠠᠨ ᠢᠶᠠᠨ ᠠᠰᠠᠷᠠᠵᠤ ᠬᠠᠷᠠᠭᠠᠯᠵᠠᠨ ᠬᠠᠮᠠᠭᠠᠯᠠᠬᠤ ᠣᠷᠣ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠨᠥᠬᠦᠴᠡᠯ ᠪᠥᠷᠢᠳᠦᠭᠰᠡᠨ ᠭᠠᠵᠠᠷ ᠣᠷᠣᠨ ᠠᠴᠠ ᠤᠯᠤᠰ ᠤᠨ ︽ᠬᠡᠷ ᠲᠤ ᠪᠠᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠨᠳᠦᠰᠦᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠵᠦ ᠪᠣᠯᠤᠨ᠎ᠠ᠃ ᠬᠡᠷ ᠪᠦᠯᠢ ᠶᠢᠨ ᠬᠡᠤᠬᠡᠳ ᠪᠤᠶᠢᠵᠢᠭᠤᠯᠬᠤ ᠶᠢ ᠵᠢᠯᠣᠭᠤᠳᠤᠨ ᠳᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯᠵᠢᠯ᠂ ᠨᠢᠷᠠᠢ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠬᠦᠴᠦᠨ ᠳᠤ ᠲᠦᠰᠢᠭᠯᠡᠨ᠂ ᠨᠢᠷᠠᠢ ᠨᠢᠯᠬ᠎ᠠ ᠬᠡᠤᠬᠡᠳ ᠲᠠᠢ ᠬᠡᠷ ᠪᠦᠯᠢ ᠳᠤ ᠬᠠᠷᠠᠭᠠᠯᠵᠠᠨ ᠠᠰᠠᠷᠠᠬᠤ ᠶᠢ ᠵᠢᠯᠣᠭᠤᠳᠬᠤ ᠦᠢᠯᠡᠴᠢᠯᠡᠭᠡ ᠥᠷᠨᠢᠭᠦᠯᠦᠨ᠎ᠡ᠃

      ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠰᠠᠶᠢᠵᠢᠷᠠᠭᠤᠯᠤᠨ᠎ᠠ᠃ ᠨᠡᠶᠢᠭᠡᠮ ᠲᠣᠭᠤᠷᠢᠭ ᠤᠨ ᠬᠤᠭᠤᠯᠠ ᠤᠮᠳᠠ ᠠᠷᠢᠭᠤᠨ ᠴᠡᠪᠡᠷ ᠲᠤ ᠬᠠᠪᠰᠤᠷᠬᠤ᠂ ᠡᠮᠴᠢᠯᠡᠭᠡ ᠶᠠᠪᠤᠵᠤ ᠰᠠᠭᠤᠬᠤ ᠳᠤ ᠬᠠᠪᠰᠤᠷᠬᠤ᠂ ᠡᠳᠦᠷ ᠲᠤᠳᠤᠮ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠤᠶᠤᠨ ᠰᠠᠨᠠᠭᠠᠨ ᠤ ᠲᠠᠶᠢᠳᠬᠤᠷᠠᠭᠤᠯᠤᠯ᠂ ᠨᠢᠯᠬ᠎ᠠ ᠬᠡᠦᠬᠡᠳ ᠢ ᠬᠥᠮᠥᠵᠢᠭᠦᠯᠬᠦ ᠵᠢᠯᠣᠭᠤᠳᠤᠯᠭ᠎ᠠ ᠵᠡᠷᠭᠡ ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠎ᠡ᠃ ᠨᠡᠶᠢᠭᠡᠮ ᠲᠣᠭᠤᠷᠢᠭ ᠤᠨ ᠬᠡᠤᠬᠡᠳ ᠬᠥᠮᠦᠵᠢᠭᠦᠯᠬᠦ ᠪᠠ ᠨᠠᠰᠤᠲᠠᠨ ᠢ ᠠᠰᠠᠷᠠᠬᠤ ᠶᠢ ᠬᠠᠷᠢᠯᠴᠠᠨ ᠬᠠᠪᠰᠤᠷᠤᠯᠴᠠᠭᠤᠯᠤᠭᠰᠠᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ᠎ᠡ᠃

      ᠬᠤᠳᠠ ᠬᠥᠳᠡᠭᠡ ᠶᠢᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠡᠷ ᠪᠦᠯᠢ ᠶᠢᠨ ᠠᠰᠠᠷᠠᠨ ᠲᠡᠵᠢᠭᠡᠬᠦ ᠪᠠᠷ ᠰᠠᠭᠤᠷᠢᠯᠠᠭᠰᠠᠨ᠂ ᠰᠢᠶᠠᠨ ᠰᠢᠶᠠᠩ ᠬᠤᠶᠠᠷ ᠱᠠᠲᠤᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ᠂ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠳᠤ ᠲᠦᠰᠢᠭᠯᠡᠭᠰᠡᠨ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠨ ᠢ ᠠᠰᠠᠷᠠᠬᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠪᠠᠬᠢᠵᠢᠭᠦᠯᠦᠨ ᠰᠢᠯᠢᠳᠡᠭᠵᠢᠭᠦᠯᠦᠨ᠎ᠡ᠃ ᠨᠠᠰᠤᠲᠠᠶᠢᠴᠤᠳ ᠲᠤ ᠬᠤᠭᠤᠯᠠ ᠤᠮᠳᠠ ᠬᠠᠩᠭᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠤᠨ ᠬᠤᠭᠤᠯᠠᠨ ᠰᠢᠷᠡᠭᠡᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃

      ᠪᠣᠯᠪᠠᠰᠤᠷᠠᠯ ᠰᠤᠪᠢᠯᠠᠯᠲᠠ ᠶᠢᠨ ᠡᠬᠢ ᠪᠠᠶᠠᠯᠢᠭ ᠤᠨ ᠬᠡᠯᠪᠡᠷᠢ ᠶᠢ ᠬᠤᠪᠢᠷᠠᠭᠤᠯᠤᠨ ᠨᠠᠰᠤᠲᠠᠨ ᠢ ᠠᠰᠠᠷᠠᠬᠤ ᠦᠢᠯᠡᠴᠢᠯᠡᠭᠡ ᠶᠢ ᠬᠥᠭᠵᠢᠭᠦᠯᠬᠦ ᠶᠢ ᠠᠬᠢᠭᠤᠯᠤᠨ᠎ᠠ᠃ ︽ᠥᠭᠡᠷᠡᠴᠢᠯᠡᠬᠦ ᠶᠣᠰᠣᠲᠠᠶ ᠶᠢ ᠨᠢ ᠪᠦᠬᠦᠨ ᠢ ᠥᠭᠡᠷᠡᠴᠢᠯᠡᠵᠦ᠂ ᠬᠤᠪᠢᠷᠠᠭᠤᠯᠵᠤ ᠪᠣᠯᠬᠤ ᠶᠢ ᠨᠢ ᠬᠤᠪᠢᠷᠠᠭᠤᠯᠬᠤ︾ ᠵᠠᠷᠴᠢᠮ ᠶᠣᠰᠣᠭᠠᠷ ᠨᠠᠰᠤᠲᠠᠨ ᠢ ᠠᠰᠠᠷᠠᠬᠤ ᠦᠢᠯᠡᠴᠢᠯᠡᠭᠡ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠨᠠᠮ ᠵᠠᠰᠠᠭ ᠤᠨ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠶ᠎ᠠ ᠪᠣᠯᠪᠠᠰᠤᠷᠠᠯ ᠰᠤᠪᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠤᠯ ᠴᠢᠭᠯᠡᠯ ᠪᠣᠯᠭᠠᠨ᠎ᠠ᠃

      ᠲᠦᠭᠡᠮᠡᠯ ᠬᠠᠷᠠᠭᠠᠯᠵᠠᠭᠰᠠᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠥᠯᠥᠪᠵᠢᠭᠦᠯᠭᠡ᠂ ᠭᠠᠵᠠᠷ ᠰᠢᠷᠣᠶ᠂ ᠣᠷᠣᠨ ᠰᠠᠭᠤᠴᠠ᠂ ᠡᠳ᠋ ᠤᠨ ᠵᠠᠰᠠᠭ᠂ ᠪᠡᠯᠡ ᠣᠷᠣᠭᠤᠯᠤᠯᠲᠠ᠂ ᠪᠡᠯᠡ ᠲᠣᠬᠢᠷᠠᠭᠤᠯᠭ᠎ᠠ᠂ ᠴᠢᠳᠠᠪᠤᠷᠢᠲᠠᠨ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠨᠡᠶᠢᠭᠡᠮ ᠤᠨ ᠬᠦᠴᠦᠨ ᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠴᠢᠨᠠᠷᠯᠢᠭ ᠪᠡᠯᠡᠳᠬᠡᠮᠵᠢ ᠪᠠᠶᠢᠭᠤᠯᠬᠤ ᠶᠢ ᠲᠡᠮᠵᠢᠵᠤ᠂ ᠨᠡᠶᠢᠭᠡᠮ ᠳᠤ ᠦᠨ᠎ᠡ ᠬᠠᠩᠰᠢ ᠨᠢ ᠲᠣᠬᠢᠷᠠᠮᠵᠢᠲᠠᠶ᠂ ᠳᠥᠭᠦᠮ ᠳᠥᠲᠡ᠂ ᠶᠠᠰᠤ ᠴᠢᠨᠠᠷ ᠨᠢ ᠨᠠᠶᠢᠳᠠᠪᠤᠷᠢᠲᠠᠶ ᠲᠦᠭᠡᠮᠡᠯ ᠬᠠᠷᠠᠭᠠᠯᠵᠠᠯ ᠤᠨ ᠴᠢᠨᠠᠷᠲᠠᠶ ᠦᠢᠯᠡᠴᠢᠯᠡᠭᠡ ᠬᠠᠩᠭᠠᠨ᠎ᠠ᠃ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ᠂ ᠠᠯᠪᠠᠨ ᠠᠴᠠ ᠲᠤᠰᠠᠯᠠᠵᠤ ᠠᠷᠠᠳ ᠠᠴᠠ ᠡᠵᠡᠩᠨᠡᠭᠰᠡᠨ᠂ ᠠᠰᠢᠭ ᠬᠤᠨᠵᠢᠪᠣᠷᠢ ᠶᠢᠨ ᠪᠤᠰᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠲᠦᠭᠡᠮᠡᠯ ᠬᠠᠷᠠᠭᠠᠯᠵᠠᠯ ᠤᠨ ᠦᠢᠯᠡᠴᠢᠯᠡᠭᠡ ᠬᠠᠩᠭᠠᠬᠤ ᠪᠠᠷ ᠭᠤᠣᠯᠯᠠᠨ᠎ᠠ᠃ ︽ᠬᠡᠤᠬᠡᠳ ᠰᠠᠭᠠᠲᠠᠭᠤᠯᠬᠤ ᠠᠵᠢᠯ ᠢ ᠨᠢᠭᠡ ᠴᠤᠭᠴᠠᠵᠢᠭᠤᠯᠬᠤ︾ ᠶᠢ ᠠᠬᠢᠭᠤᠯᠵᠤ᠂ ᠨᠥᠬᠦᠴᠡᠯ ᠲᠠᠢ ᠬᠡᠤᠬᠡᠳ ᠤᠨ ᠴᠡᠴᠡᠷᠯᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠯ ᠶᠣᠰᠣᠭᠠᠷ ᠬᠡᠤᠬᠡᠳ ᠰᠠᠭᠠᠲᠠᠭᠤᠯᠬᠤ ᠠᠩᠭᠢ ᠡᠷᠭᠢᠯᠡᠬᠦ ᠶᠢ ᠵᠣᠷᠢᠭᠵᠢᠭᠤᠯᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠰᠲᠠᠶ ᠲᠣᠭᠲᠠᠭᠠᠨ᠎ᠠ᠃

      ︵ᠭᠤᠷᠪᠠ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃

      ᠡᠷᠡᠭᠦᠯᠵᠢᠯ ᠠᠰᠠᠷᠠᠮᠵᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠵᠢᠭᠤᠯᠴᠢᠯᠠᠨ ᠰᠠᠭᠤᠬᠤ ᠬᠡᠯᠪᠡᠷᠢ ᠶᠢᠨ ᠨᠠᠰᠤᠲᠠᠨ ᠢ ᠠᠰᠠᠷᠠᠬᠤ ᠦᠢᠯᠡᠴᠢᠯᠡᠭᠡ ᠶᠢ ᠬᠥᠭᠵᠢᠭᠦᠯᠬᠦ ᠶᠢ ᠳᠡᠮᠵᠢᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠢ ᠪᠠᠶᠠᠯᠢᠭ ᠢᠶᠠᠷ ᠨᠠᠰᠤᠲᠠᠶᠢᠴᠤᠳ ᠲᠤ ᠥᠷᠭᠡᠨ ᠢᠶᠠᠷ ᠦᠢᠯᠡᠴᠢᠯᠡᠬᠦ ᠶᠢ ᠠᠬᠢᠭᠤᠯᠤᠨ᠎ᠠ᠃ ᠨᠠᠰᠤᠲᠠᠶᠢᠴᠤᠳ ᠤᠨ ᠶᠡᠭᠡ ᠰᠤᠷᠭᠠᠭᠤᠯᠢ᠂ ᠨᠡᠶᠢᠭᠡᠮ ᠲᠣᠭᠤᠷᠢᠭ ᠤᠨ ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠤᠨ ᠲᠡᠮᠵᠢᠨ᠎ᠡ᠃ ᠨᠠᠰᠤᠲᠠᠶᠢᠴᠤᠳ ᠤᠨ ᠣᠶᠣᠨ ᠰᠠᠨᠠᠭᠠᠨ ᠤ ᠬᠠᠶᠢᠷ᠎ᠠ ᠬᠠᠯᠠᠮᠵᠢ᠂ ᠰᠡᠳᠬᠢᠴᠡ ᠶᠢᠨ ᠲᠠᠶᠢᠳᠬᠤᠷᠠᠭᠤᠯᠤᠯ᠂ ᠬᠢᠮᠤᠷᠠᠯ ᠳᠤ ᠭᠠᠷ ᠲᠦᠷᠦᠭᠦ ᠦᠢᠯᠡᠴᠢᠯᠡᠭᠡᠨ ᠤ ᠲᠣᠣᠷ ᠢ ᠪᠦᠷᠢᠨᠰᠢᠭᠦᠯᠦᠨ᠎ᠡ᠃ ᠨᠠᠰᠤᠲᠠᠶᠢᠴᠤᠳ ᠤᠨ ᠪᠡᠶ᠎ᠡ ᠶᠢᠨ ᠲᠠᠮᠢᠷ ᠢ ᠬᠥᠭᠵᠢᠭᠦᠯᠵᠦ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠠ ᠤᠷᠤᠯᠳᠤᠭᠠᠨ ᠤ ᠲᠥᠷᠥᠯ ᠲᠡᠮᠳᠡᠭ ᠢ ᠪᠤᠢ ᠪᠣᠯᠭᠠᠨ᠎ᠠ᠃

      ᠡᠮᠴᠢᠯᠡᠭᠡ ᠰᠤᠪᠢᠯᠠᠯᠲᠠ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃ ᠶᠡᠷᠦᠩᠬᠡᠶᠢᠯᠡᠨ ᠵᠠᠯᠭᠠᠯᠳᠤᠭᠤᠯᠤᠭᠰᠠᠨ ᠬᠤᠲᠠ ᠬᠥᠳᠡᠭᠡ ᠶᠢ ᠬᠠᠮᠤᠷᠤᠭᠰᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠦ᠂ 2025 ᠣᠨ ᠪᠣᠯᠬᠤ ᠳᠤ᠂ ᠪᠥᠬᠦ ᠣᠷᠣᠨ ᠤ ᠬᠤᠶᠠᠳᠤᠭᠠᠷ ᠳᠡᠰ ᠵᠢᠴᠢ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠳᠣᠭᠢᠷᠠᠭᠤᠯᠬᠤ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠵᠦ᠂ ᠨᠠᠰᠤᠲᠠᠨ ᠢ ᠠᠰᠠᠷᠠᠬᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃

      ᠣᠶᠤᠨᠴᠢ ᠪᠠᠷ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠰᠦᠯᠵᠢᠶᠡᠨ ᠤ ᠥᠷᠲᠡᠭᠡ᠂ APP ᠵᠡᠷᠭᠡ ᠣᠶᠤᠨᠴᠢ ᠨᠡᠷᠡᠳᠬᠦᠨ ᠢ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠶᠢ ᠠᠬᠢᠭᠤᠯᠤᠨ᠎ᠠ᠃ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ ᠨᠠᠰᠤᠲᠠᠶᠢᠴᠤᠳ ᠲᠤ ᠬᠠᠨᠳᠤᠭᠤᠯᠤᠭᠰᠠᠨ ᠣᠶᠤᠨᠴᠢ ᠮᠡᠳᠡᠭᠡ ᠵᠠᠩᠭᠢ ᠶᠢᠨ ᠮᠡᠷᠭᠡᠵᠢᠯ ᠤᠨ ᠪᠣᠯᠪᠠᠰᠤᠷᠠᠯ ᠳᠣᠭᠢᠷᠠᠭᠤᠯᠤᠨ᠎ᠠ᠃ ᠨᠠᠰᠤᠲᠠᠨ ᠢ ᠠᠰᠠᠷᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ︽ᠦᠷ᠎ᠡ ᠬᠡᠤᠬᠡᠳ ᠨᠢ ᠰᠦᠯᠵᠢᠶᠡᠨ ᠳᠡᠭᠡᠷ᠎ᠡ ᠵᠠᠬᠢᠶᠠᠯᠠᠵᠤ᠂ ᠨᠠᠰᠤᠲᠠᠶᠢᠴᠤᠳ ᠦᠢᠯᠡᠴᠢᠯᠡᠭᠡ ᠶᠢ ᠪᠡᠶᠡᠴᠢᠯᠡᠨ ᠬᠦᠷᠲᠡᠬᠦ︾ ᠵᠡᠷᠭᠡ ᠬᠡᠷᠡᠭᠯᠡᠭᠡᠨ ᠤ ᠵᠠᠭᠪᠤᠷ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠢᠨᠲ᠋ᠧᠷ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠠᠷᠢᠯᠴᠠᠨ ᠦᠢᠯᠡᠳᠦᠯᠴᠡᠬᠦ ᠮᠠᠶ᠋ᠢᠭ ᠤᠨ ᠬᠡᠷ ᠪᠦᠯᠢ ᠶᠢᠨ ᠬᠡᠤᠬᠡᠳ ᠪᠤᠶᠢᠵᠢᠭᠤᠯᠬᠤ ᠦᠢᠯᠡᠴᠢᠯᠡᠭᠡ ᠶᠢ ᠬᠥᠭᠵᠢᠭᠦᠯᠵᠦ᠂ ᠨᠢᠷᠠᠢ ᠨᠢᠯᠬ᠎ᠠ ᠬᠡᠤᠬᠡᠳ ᠢ ᠥᠰᠬᠡᠨ ᠬᠥᠮᠦᠵᠢᠭᠦᠯᠬᠦ ᠬᠢᠴᠢᠶᠡᠯ᠂ ᠡᠴᠢᠭᠡ ᠡᠬᠡ ᠶᠢᠨ ᠬᠢᠴᠢᠶᠡᠯ ᠤᠨ ᠲᠠᠩᠬᠢᠮ ᠵᠡᠷᠭᠡ ᠶᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃

      ᠨᠠᠰᠤᠲᠠᠶᠢᠴᠤᠳ ᠪᠠ ᠬᠡᠦᠬᠡᠳ ᠤᠨ ᠨᠥᠬᠦᠷᠰᠡᠭ ᠨᠡᠶᠢᠭᠡᠮ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢᠨ ︽ᠨᠢᠭᠡ ᠨᠠᠰᠤᠲᠠᠨ ᠨᠢᠭᠡ ᠨᠢᠯᠬ᠎ᠠ︾ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ ᠨᠠᠰᠤᠲᠠᠶᠢᠴᠤᠳ ᠲᠤ ᠬᠤᠯᠪᠣᠭᠳᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠨᠢ ᠰᠦᠯᠵᠢᠶᠡᠨ ᠠᠴᠠ ᠭᠠᠳᠠᠭᠤᠷᠬᠢ ᠪᠠ ᠬᠥᠮᠦᠨ ᠤ ᠬᠦᠴᠦᠨ ᠤ ᠦᠢᠯᠡᠴᠢᠯᠡᠭᠡ ᠶᠢ ᠦᠯᠡᠳᠡᠭᠡᠬᠦ ᠬᠡᠷᠡᠭᠲᠡᠢ᠃ ᠨᠠᠰᠤᠲᠠᠶᠢᠴᠤᠳ ᠪᠠ ᠡᠬᠡ ᠨᠢᠯᠬᠠᠰ ᠤᠨ ᠪᠡᠯᠡᠳᠬᠡᠮᠵᠢ ᠶᠢ ᠢᠵᠢ ᠪᠥᠷᠢᠳᠦᠭᠦᠯᠬᠦ ᠶᠢ ᠴᠢᠩᠭᠠᠳᠬᠠᠵᠤ᠂ ᠨᠥᠬᠦᠴᠡᠯ ᠪᠥᠷᠢᠳᠦᠭᠰᠡᠨ ᠣᠯᠠᠨ ᠨᠡᠶᠢᠲᠡ ᠶᠢᠨ ᠲᠠᠯᠠᠪᠤᠷ ᠲᠤ ᠲᠤᠰᠬᠠᠶ ᠰᠠᠭᠤᠳᠠᠯ ᠵᠢᠴᠢ ᠰᠠᠭᠠᠳ ᠥᠬᠡᠶ ᠨᠡᠪᠲᠡᠷᠡᠬᠦ ᠵᠠᠮ ᠢ ᠨᠡᠶᠢᠳᠡᠮ ᠳᠣᠭᠢᠷᠠᠭᠤᠯᠤᠨ᠎ᠠ᠃ ᠨᠢᠷᠠᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠ ᠬᠡᠦᠬᠡᠳ ᠤᠨ ᠨᠥᠬᠦᠷᠰᠡᠭ ᠬᠤᠳᠠ ᠶᠢᠨ ᠪᠦᠳᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃

      ︵ᠳᠥᠷᠪᠡ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃

      ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠶᠡᠷᠦᠩᠬᠡᠶᠢᠯᠡᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ ᠴᠢᠩᠭᠠᠳᠬᠠᠨ᠎ᠠ᠃

      ᠡᠯ᠎ᠡ ᠵᠦᠢᠯ ᠤᠨ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ᠎ᠡ᠃ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠬᠢᠨᠠᠨ ᠰᠢᠨᠵᠢᠯᠡᠬᠦ ᠬᠢᠭᠡᠳ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠢᠭᠡᠳ ᠠᠪᠤᠷᠠᠨ ᠲᠤᠰᠠᠯᠠᠬᠤ᠂ ᠬᠡᠷᠡᠭ ᠤᠨ ᠳᠠᠷᠠᠭ᠎ᠠ ᠰᠡᠷᠭᠦᠭᠡᠬᠦ ᠪᠠ ᠳᠠᠬᠢᠨ ᠪᠠᠶᠢᠭᠤᠯᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ