ᠨᠢᠭᠡ᠂ ᠲᠥᠷᠥ ᠶᠢᠨ ᠪᠣᠳᠣᠯᠭ᠎ᠠ ᠶᠢ ᠲᠣᠭᠲᠠᠭᠠᠭᠰᠠᠨ ᠠᠬᠤᠶ ᠪᠠᠶᠢᠳᠠᠯ
2017 ᠣᠨ ᠠᠴᠠ ᠨᠠᠭᠠᠰᠢ᠂ ᠲᠥᠪ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠬᠡᠬᠤᠲᠠ᠂ ᠦᠬᠠᠶ ᠬᠤᠲᠠ ᠵᠡᠷᠭᠡ 7 ᠠᠶᠢᠮᠠᠭ ᠬᠤᠲᠠ ᠶᠢᠨ ᠱᠠᠲᠤ᠂ 23 ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠤᠨ 1 ᠨᠡᠭᠡᠭᠡᠯᠲᠡ ᠶᠢᠨ ᠲᠣᠭᠤᠷᠢᠭ ᠨᠡᠶᠢᠲᠡ 31 ᠭᠠᠵᠠᠷ ᠣᠷᠣᠨ ᠳᠤ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠦᠭᠡᠳ ᠵᠣᠬᠢᠬᠤ ᠦᠷ᠎ᠡ ᠪᠦᠲᠦᠮᠵᠢ ᠣᠯᠪᠠ᠃ ᠥᠭᠡᠷᠡᠴᠢᠯᠡᠯᠲᠡ ᠶᠢᠨ ᠭᠦᠨᠵᠡᠭᠡᠶᠢᠷᠡᠬᠦ ᠶᠢ ᠳᠠᠭᠠᠯᠳᠤᠨ᠂ ᠦᠢᠯᠡᠳᠦᠯᠭᠡ ᠶᠢᠨ ᠳᠤᠮᠳᠠ ᠬᠡᠰᠡᠭ ᠬᠦᠷᠢᠶ᠎ᠡ ᠪᠠ ᠬᠡᠷᠡᠭ ᠶᠠᠪᠤᠳᠠᠯ ᠤᠨ ᠬᠢᠨᠠᠨ ᠬᠠᠮᠢᠶᠠᠷᠬᠤ ᠠᠵᠢᠯ ᠨᠢ ᠠᠪᠴᠠᠯᠳᠤᠭᠤᠯᠬᠤ ᠪᠠᠷ ᠠᠨᠠᠢ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠳᠤᠲᠠᠮᠠᠭ ᠪᠠᠶᠢᠬᠤ ᠵᠢᠴᠢ ᠲᠤᠷᠰᠢᠯᠲᠠ ᠶᠢᠨ ᠭᠠᠵᠠᠷ ᠣᠷᠣᠨ ᠳᠤ ᠬᠡᠷᠡᠭ ᠶᠠᠪᠤᠳᠠᠯ ᠢ ᠬᠤᠪᠢᠶᠠᠷᠢᠯᠠᠨ ᠰᠢᠯᠵᠢᠭᠦᠯᠬᠦ ᠳᠤ ᠬᠦᠴᠢᠷᠲᠡᠶ᠂ ᠬᠡᠷᠡᠭ ᠶᠠᠪᠤᠳᠠᠯ ᠨᠢᠭᠡᠳᠦᠯ ᠦᠭᠡᠢ᠂ ᠴᠢᠨᠠᠷ ᠪᠠᠷᠤᠭᠲᠠᠢ ᠪᠠᠶᠢᠬᠤ ᠵᠡᠷᠭᠡ ᠠᠰᠠᠭᠤᠳᠠᠯ ᠣᠷᠣᠰᠢᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠵᠣᠬᠢᠬᠤ ᠬᠡᠮᠵᠢᠶ᠎ᠡ ᠪᠠᠷ ᠨᠥᠯᠥᠭᠡᠯᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠥᠭᠡᠷᠡᠴᠢᠯᠡᠯᠲᠡ ᠶᠢᠨ ᠲᠤᠷᠰᠢᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠦᠨᠳᠦᠰᠦᠯᠡᠨ᠂ ᠭᠦᠨᠵᠡᠭᠡᠶ ᠪᠠᠶᠢᠴᠠᠭᠠᠨ ᠰᠤᠳᠤᠯᠵᠤ᠂ ᠰᠤᠷᠤᠯᠴᠠᠨ ᠰᠢᠨᠵᠢᠯᠡᠵᠦ᠂ ᠳᠠᠬᠢᠨ ᠳᠠᠪᠲᠠᠨ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ ︽︿ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠤᠪᠢᠶᠠᠷᠢᠯᠠᠨ ᠰᠢᠯᠵᠢᠭᠦᠯᠬᠦ ᠵᠢᠯᠣᠭᠤᠳᠬᠤ ᠭᠠᠷᠴᠠᠭ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠲᠤᠭᠤᠷᠪᠢᠵᠤ᠂ ︽ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠣᠷᠣᠨ ᠤ ᠬᠤᠪᠢᠶᠠᠷᠢᠯᠠᠨ ᠰᠢᠯᠵᠢᠭᠦᠯᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠵᠢᠯᠣᠭᠤᠳᠬᠤ ᠭᠠᠷᠴᠠᠭ︾ ︵ᠳᠣᠷᠣᠭᠰᠢ ︽ᠵᠢᠯᠣᠭᠤᠳᠬᠤ ᠭᠠᠷᠴᠠᠭ︾ ᠭᠡᠵᠦ ᠲᠣᠪᠴᠢᠯᠠᠨ᠎ᠠ︶ ᠢ ᠰᠤᠳᠤᠯᠤᠨ ᠨᠠᠶᠢᠷᠠᠭᠤᠯᠤᠨ ᠵᠣᠬᠢᠶᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠤᠪᠢᠶᠠᠷᠢᠯᠠᠨ ᠰᠢᠯᠵᠢᠭᠦᠯᠬᠦ ᠶᠠᠪᠤᠳᠠᠯ ᠢ ᠨᠢᠭᠡᠳᠦᠯᠲᠡᠶ ᠵᠢᠷᠤᠮᠵᠢᠭᠤᠯᠬᠤ ᠵᠢᠴᠢ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠪᠠ᠃
ᠬᠤᠶᠠᠷ᠂ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ
︽ᠮᠡᠳᠡᠭᠳᠡᠯ︾ ᠳᠤ ᠭᠤᠤᠯᠳᠠᠭᠤ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠨᠢᠭᠡᠳᠦᠯᠲᠡᠶ ᠬᠤᠪᠢᠶᠠᠷᠢᠯᠠᠨ ᠰᠢᠯᠵᠢᠭᠦᠯᠬᠦ᠂ ᠬᠢᠨᠠᠨ ᠬᠠᠮᠢᠶᠠᠷᠬᠤ ᠶᠢ ᠵᠣᠯᠭᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠭ᠎ᠠ ᠮᠠᠶ᠋ᠢᠭ ᠢ ᠦᠷᠭᠦᠯᠵᠢᠯᠡᠨ ᠰᠢᠯᠢᠳᠡᠭᠵᠢᠭᠦᠯᠬᠦ᠂ ᠳᠡᠭᠡᠳᠦ ᠳᠣᠤᠷᠠᠳᠤ ᠱᠠᠲᠤᠨ ᠤ ᠬᠠᠮᠵᠢᠯᠴᠠᠭ᠎ᠠ ᠶᠢ ᠴᠢᠩᠭᠠᠳᠬᠠᠬᠤ᠂ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠵᠢᠷᠭᠤᠭᠠᠨ ᠬᠡᠰᠡᠭ ᠠᠭᠤᠯᠭ᠎ᠠ ᠶᠢ ᠪᠠᠭᠲᠠᠭᠠᠨ᠎ᠠ᠃
︽ᠵᠢᠯᠣᠭᠤᠳᠣᠯᠭ᠎ᠠ ᠶᠢᠨ ᠭᠠᠷᠴᠠᠭ︾ ᠲᠤ 131 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ︵ᠡᠷᠬᠡᠪᠰᠢ ᠬᠤᠪᠢᠶᠠᠷᠢᠯᠠᠬᠤ 76 ᠵᠦᠢᠯ᠂ ᠬᠤᠪᠢᠶᠠᠷᠢᠯᠠᠪᠠᠯ ᠵᠣᠬᠢᠬᠤ 55 ᠵᠦᠢᠯ︶ ᠢ ᠬᠤᠪᠢᠶᠠᠷᠢᠯᠠᠨ ᠰᠢᠯᠵᠢᠭᠦᠯᠬᠦ ᠲᠤᠬᠠᠢ ᠲᠣᠳᠣᠷᠬᠠᠶ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ 20 ᠲᠤᠬᠠᠶᠢᠯᠠᠭᠰᠠᠨ ᠠᠵᠢᠯ ᠤᠨ ᠵᠢᠯᠣᠭᠤᠳᠬᠤ ᠰᠠᠯᠠᠭ᠎ᠠ ᠮᠥᠴᠢᠷ ᠴᠥᠮ ᠲᠤᠷᠰᠢᠯᠲᠠ ᠶᠢᠨ ᠭᠠᠵᠠᠷ ᠣᠷᠣᠨ ᠳᠤ ᠬᠤᠪᠢᠶᠠᠷᠢᠯᠠᠨ ᠰᠢᠯᠵᠢᠭᠦᠯᠬᠦ ᠶᠢ ᠵᠥᠪᠰᠢᠶᠡᠷᠡᠪᠡ᠃ ᠡᠭᠦᠨ ᠳᠤ᠂ ᠬᠤᠪᠢᠶᠠᠷᠢᠯᠠᠨ ᠰᠢᠯᠵᠢᠭᠦᠯᠬᠦ ᠵᠦᠢᠯᠡᠰ ᠤᠨ ᠳᠣᠲᠣᠷ᠎ᠠ ᠠᠶᠢᠮᠠᠭ ᠬᠤᠲᠠ ᠪᠣᠯᠤᠨ ᠬᠤᠰᠢᠭᠤ ᠰᠢᠶᠠᠨ ᠤ ᠴᠥᠮ ᠬᠡᠷᠡᠭᠵᠢᠭᠦᠯᠬᠦ ᠵᠦᠢᠯᠡᠰ ᠨᠢ 92 ᠵᠦᠢᠯ᠂ ᠠᠶᠢᠮᠠᠭ ᠬᠤᠲᠠ ᠶᠢᠨ ᠲᠠᠯ᠎ᠠ ᠠᠴᠠ ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠵᠦᠢᠯᠡᠰ ᠨᠢ 20 ᠵᠦᠢᠯ᠂ ᠬᠤᠰᠢᠭᠤ ᠰᠢᠶᠠᠨ ᠤ ᠲᠠᠯ᠎ᠠ ᠠᠴᠠ ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠵᠦᠢᠯᠡᠰ ᠨᠢ 19 ᠵᠦᠢᠯ ᠪᠣᠯᠤᠨ᠎ᠠ᠃
ᠭᠤᠷᠪᠠ᠂ ︽ᠵᠢᠯᠣᠭᠤᠳᠬᠤ ᠭᠠᠷᠴᠠᠭ︾ ᠢ ᠨᠠᠶᠢᠷᠠᠭᠤᠯᠤᠨ ᠵᠣᠬᠢᠶᠠᠭᠰᠠᠨ ᠭᠤᠣᠯ ᠪᠣᠳᠣᠯᠬᠢᠯᠠᠯ
ᠨᠢᠭᠡ ᠨᠢ ᠬᠠᠤᠯᠢ ᠶᠣᠰᠣᠭᠠᠷ ᠬᠤᠪᠢᠶᠠᠷᠢᠯᠠᠨ ᠰᠢᠯᠵᠢᠭᠦᠯᠦᠨ᠎ᠡ᠃ ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ᠂ ᠪᠠᠶᠢᠩᠭᠤ ᠡᠭᠦᠰᠳᠡᠭ᠂ ᠭᠤᠶᠤᠴᠢᠯᠠᠭᠰᠠᠨ ᠬᠡᠮᠵᠢᠶ᠎ᠡ ᠪᠠᠷ ᠶᠡᠭᠡ ᠵᠦᠢᠯᠡᠰ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠷᠢᠯᠠᠨ ᠰᠢᠯᠵᠢᠭᠦᠯᠦᠨ᠎ᠡ᠃
ᠬᠤᠶᠠᠷ ᠨᠢ ᠪᠣᠳᠠᠲᠤ ᠪᠠᠶᠢᠳᠠᠯ ᠢ ᠴᠢᠬᠤᠯᠠᠴᠢᠯᠠᠨ᠎ᠠ᠃ ᠳᠣᠲᠣᠭᠠᠳᠤ ᠶᠢ ᠬᠠᠮᠠᠭᠠᠯᠠᠬᠤ᠂ ᠠᠮᠢ ᠠᠬᠤᠶ᠂ ᠪᠠᠴᠢᠮ ᠪᠠᠶᠢᠳᠠᠯ ᠢ ᠠᠷᠭᠠᠴᠠᠭᠠᠬᠤ᠂ ᠦᠵᠡᠯ ᠤᠬᠠᠮᠰᠠᠷ ᠤᠨ ᠬᠡᠯᠪᠡᠷᠢ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢᠨ ᠬᠡᠮᠵᠢᠶ᠎ᠡ ᠬᠠᠷᠢᠴᠠᠩᠭᠤᠢ ᠥᠨᠳᠥᠷ ᠵᠦᠢᠯᠡᠰ ᠲᠤ ᠬᠤᠯᠪᠣᠭᠳᠠᠬᠤ ᠵᠦᠢᠯᠡᠰ ᠢ ︽ᠵᠢᠯᠣᠭᠤᠳᠬᠤ ᠭᠠᠷᠴᠠᠭ︾ ᠲᠤ ᠣᠷᠣᠭᠤᠯᠤᠭᠰᠠᠨ ᠥᠬᠡᠶ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠪᠣᠳᠠᠲᠠᠶ ᠪᠠᠶᠢᠳᠠᠯ ᠢ ᠦᠨᠳᠦᠰᠦᠯᠡᠨ ᠠᠯᠬᠤᠮ ᠠᠯᠬᠤᠮ ᠢᠶᠠᠷ ᠬᠤᠪᠢᠶᠠᠷᠢᠯᠠᠨ ᠰᠢᠯᠵᠢᠭᠦᠯᠦᠨ᠎ᠡ᠃
ᠭᠤᠷᠪᠠ ᠨᠢ ᠭᠤᠣᠯᠳᠠᠯᠭ᠎ᠠ ᠶᠢ ᠲᠤᠪᠤᠶᠢᠯᠭᠠᠨ᠎ᠠ᠃ ᠭᠤᠣᠯᠳᠠᠭᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠵᠡᠷᠭᠡ ᠬᠦᠷᠢᠶᠡᠨ ᠳᠠᠬᠢ ᠬᠢᠨᠠᠨ ᠵᠥᠪᠰᠢᠶᠡᠷᠡᠬᠦ ᠵᠦᠢᠯᠡᠰ ᠢ ᠬᠤᠪᠢᠶᠠᠷᠢᠯᠠᠨ ᠰᠢᠯᠵᠢᠭᠦᠯᠵᠦ᠂ ᠵᠦᠢᠯᠡᠰ ᠢ ᠬᠤᠪᠢᠶᠠᠷᠢᠯᠠᠨ ᠰᠢᠯᠵᠢᠭᠦᠯᠬᠦ ᠴᠢᠨᠠᠷ ᠢ ᠳᠡᠭᠡᠭᠰᠢᠯᠡᠭᠦᠯᠦᠨ᠎ᠡ᠃
ᠳᠥᠷᠪᠡ ᠨᠢ ᠲᠥᠷᠥᠯ ᠬᠤᠪᠢᠶᠠᠨ ᠬᠡᠷᠡᠭᠵᠢᠭᠦᠯᠦᠨ᠎ᠡ᠃ ᠬᠤᠪᠢᠶᠠᠷᠢᠯᠠᠨ ᠰᠢᠯᠵᠢᠭᠦᠯᠬᠦ ᠵᠦᠢᠯᠡᠰ ᠢ ︽ᠡᠷᠬᠡᠪᠰᠢ ᠬᠤᠪᠢᠶᠠᠷᠢᠯᠠᠬᠤ︾ ᠪᠠ ︽ᠬᠤᠪᠢᠶᠠᠷᠢᠯᠠᠪᠠᠯ ᠵᠣᠬᠢᠬᠤ︾ ᠭᠡᠵᠦ ᠬᠤᠶᠠᠷ ᠲᠥᠷᠥᠯ ᠳᠤ ᠬᠤᠪᠢᠶᠠᠵᠤ᠂ ᠡᠷᠬᠡᠪᠰᠢ ᠬᠤᠪᠢᠶᠠᠷᠢᠯᠠᠨ ᠰᠢᠯᠵᠢᠭᠦᠯᠬᠦ ᠵᠦᠢᠯᠡᠰ ᠢ ᠡᠷᠬᠡᠪᠰᠢ ᠪᠦᠬᠦᠨ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠷᠢᠯᠠᠨ ᠰᠢᠯᠵᠢᠭᠦᠯᠵᠦ ᠬᠡᠷᠡᠭᠵᠢᠭᠦᠯᠦᠨ᠎ᠡ᠂ ᠬᠤᠪᠢᠶᠠᠷᠢᠯᠠᠬᠤ ᠶᠣᠰᠣᠲᠠᠢ ᠵᠦᠢᠯᠡᠰ ᠢ ᠪᠣᠳᠠᠲᠠᠶ ᠳᠠᠭᠠᠭᠠᠨ ᠠᠪᠬᠤ ᠴᠢᠳᠠᠪᠤᠷᠢ ᠶᠢ ᠦᠨᠳᠦᠰᠦᠯᠡᠨ ᠬᠤᠭᠤᠴᠠᠭ᠎ᠠ ᠪᠦᠯᠦᠭ ᠬᠤᠪᠢᠶᠠᠨ ᠬᠤᠪᠢᠶᠠᠷᠢᠯᠠᠨ ᠰᠢᠯᠵᠢᠭᠦᠯᠦᠨ᠎ᠡ᠃