ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠨᠢ ᠤᠯᠤᠰ ᠤᠨ ᠪᠠᠷᠢᠮᠵᠢᠶᠠᠵᠢᠭᠰᠠᠨ ᠵᠢᠷᠦᠬᠡᠨ ᠤ ᠡᠷᠡᠭᠦᠯᠵᠢᠯ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠣᠯᠪᠠ
ᠨᠡᠶᠢᠲᠡᠯᠡᠭᠰᠡᠨ ᠴᠠᠭ᠄
2022/1/14

      ᠣᠶᠢᠷ᠎ᠠ ᠳᠤ᠂ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠨᠢ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ᠂ ᠳᠤᠮᠳᠠᠳᠤ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠰᠣᠳᠤᠯᠭᠠᠨ ᠤ ᠬᠤᠪᠢᠶᠠᠷᠢ ᠨᠡᠶᠢᠭᠡᠮᠯᠢᠭ ᠵᠢᠴᠢ ᠳᠤᠮᠳᠠᠳᠤ ᠤᠯᠤᠰ ᠤᠨ ᠡᠷᠡᠭᠦᠯᠵᠢᠯ ᠤᠨ ᠠᠨᠠᠭᠠᠬᠤ ᠤᠬᠠᠭᠠᠨ ᠤ ᠨᠡᠶᠢᠭᠡᠮᠯᠢᠭ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠵᠥᠪᠯᠡᠯ ᠤᠨ ᠭᠡᠷᠡᠴᠢᠯᠡᠯᠲᠡ ᠪᠠᠷ ᠳᠡᠮᠵᠢᠨ᠂ ︽ᠤᠯᠤᠰ ᠤᠨ ᠪᠠᠷᠢᠮᠵᠢᠶᠠᠵᠢᠭᠰᠠᠨ ᠵᠢᠷᠦᠬᠡᠨ ᠤ ᠡᠷᠡᠭᠦᠯᠵᠢᠯ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ︾ ᠪᠠᠷ ᠦᠨᠡᠯᠡᠭᠳᠡᠪᠡ᠃
      ᠪᠥᠬᠦ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠬᠠᠮᠢᠶᠠᠷᠤᠯᠲᠠ ᠶᠢᠨ ᠴᠢᠳᠠᠪᠤᠷᠢ ᠶᠢ ᠦᠨᠡᠯᠡᠨ ᠵᠢᠱᠢᠬᠦ ᠪᠠ ᠳᠡᠭᠡᠭᠰᠢᠯᠡᠭᠦᠯᠬᠦ ᠢᠨᠵᠧᠨᠧᠷᠢᠩ

︵CDQI︶ ᠪᠣᠯ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ᠂ ᠳᠤᠮᠳᠠᠳᠤ ᠤᠯᠤᠰ ᠤᠨ ᠡᠷᠡᠭᠦᠯᠵᠢᠯ ᠤᠨ ᠠᠨᠠᠭᠠᠬᠤ ᠤᠬᠠᠭᠠᠨ ᠤ ᠨᠡᠶᠢᠭᠡᠮᠯᠢᠭ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠵᠥᠪᠯᠡᠯ ᠠᠴᠠ ᠬᠠᠮᠲᠤᠷᠠᠨ ᠡᠷᠬᠢᠯᠡᠭᠰᠡᠨ ᠪᠥᠬᠦ ᠤᠯᠤᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠬᠠᠮᠢᠶᠠᠷᠤᠯᠲᠠ ᠶᠢᠨ ᠴᠢᠳᠠᠪᠤᠷᠢ ᠶᠢ ᠦᠨᠡᠯᠡᠨ ᠵᠢᠱᠢᠬᠦ ᠪᠠ ᠳᠡᠭᠡᠭᠰᠢᠯᠡᠭᠦᠯᠬᠦ ᠣᠷᠳᠣ ᠬᠤᠭᠤᠴᠠᠭᠠᠨ ᠤ ᠲᠦᠷᠦᠯ ᠵᠦᠢᠯ ᠪᠣᠯᠤᠨ᠎ᠠ᠃ ᠡᠭᠦᠨ ᠤ ᠵᠣᠷᠢᠯᠭ᠎ᠠ ᠨᠢ ᠡᠷᠡᠭᠦᠯᠵᠢᠭᠦᠯᠬᠦ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠵᠢᠷᠦᠬᠡᠨ ᠤ ᠡᠷᠡᠭᠦᠯᠵᠢᠯ ᠤᠨ ᠴᠣᠪᠤᠷᠠᠯ ᠢ ᠵᠢᠷᠤᠮᠵᠢᠭᠤᠯᠵᠤ᠂ ᠵᠢᠷᠦᠬᠡᠨ ᠤ ᠡᠷᠡᠭᠦᠯᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠵᠢᠷᠦᠬᠡᠨ ᠤ ᠡᠷᠡᠭᠦᠯᠵᠢᠯ ᠤᠨ ᠡᠮᠴᠢᠯᠡᠭᠡᠨ ᠤ ᠦᠢᠯᠡᠳᠦᠯ ᠲᠤᠰᠠ ᠶᠢ ᠳᠡᠭᠡᠭᠰᠢᠯᠡᠭᠦᠯᠬᠦ ᠳᠤ ᠪᠤᠢ᠃
      ᠤᠯᠤᠰ ᠤᠨ ᠪᠠᠷᠢᠮᠵᠢᠶᠠᠵᠢᠭᠰᠠᠨ ᠵᠢᠷᠦᠬᠡᠨ ᠤ ᠡᠷᠡᠭᠦᠯᠵᠢᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠫᠠᠶᠢᠰᠠ ᠣᠯᠭᠤᠭᠰᠠᠨ ᠨᠢ᠂ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠵᠢᠷᠦᠬᠡᠨ ᠤ ᠡᠷᠡᠭᠦᠯᠵᠢᠯ ᠤᠨ ᠦᠢᠯᠡᠰ ᠢ ᠬᠥᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠰᠢᠨᠵᠢᠯᠡᠭᠡᠨ ᠤ ᠰᠠᠯᠠᠭ᠎ᠠ ᠶᠢᠨ ᠰᠢᠨ᠎ᠡ ᠶᠢ ᠡᠭᠦᠳᠬᠦ ᠳᠤ ᠠᠰᠢᠭᠲᠠᠶ ᠶᠤᠮ᠂ ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠨᠢ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠳᠠᠪᠠᠭᠤᠯᠢᠭ ᠲᠤ ᠪᠠᠨ᠂ ᠣᠲᠣ ᠦᠶ᠎ᠡ ᠶᠢᠨ ᠡᠷᠡᠭᠦᠯᠵᠢᠯ ᠤᠨ ᠮᠡᠷᠭᠡᠵᠢᠯ ᠢᠶᠠᠷ ᠵᠢᠷᠦᠬᠡᠨ ᠤ ᠡᠷᠡᠭᠦᠯᠵᠢᠯ ᠤᠨ ᠵᠠᠰᠠᠯᠭ᠎ᠠ ᠶᠢ ᠥᠷᠨᠢᠭᠦᠯᠵᠦ᠂ ᠵᠢᠷᠦᠬᠡᠨ ᠡᠪᠡᠳᠴᠢᠲᠡᠨ ᠤ ᠲᠦᠷᠭᠡᠨ ᠴᠢᠨᠠᠷᠲᠠᠶ ᠬᠤᠭᠤᠴᠠᠭ᠎ᠠ᠂ ᠡᠳᠡᠭᠡᠷᠡᠬᠦ ᠬᠤᠭᠤᠴᠠᠭ᠎ᠠ᠂ ᠦᠷᠭᠦᠯᠵᠢᠯᠡᠬᠦ ᠬᠤᠭᠤᠴᠠᠭ᠎ᠠ ᠵᠢᠴᠢ ᠪᠦᠬᠦ᠋ᠢᠯᠡ ᠠᠮᠢ ᠨᠠᠰᠤᠨ ᠤ ᠶᠠᠪᠤᠴᠠ ᠳᠤ ᠦᠢᠯᠡᠴᠢᠯᠡᠭᠡ ᠪᠠ ᠬᠠᠶᠢᠷ᠎ᠠ ᠬᠠᠯᠠᠮᠵᠢ ᠬᠠᠩᠭᠠᠨ᠂ ᠡᠪᠡᠳᠴᠢᠲᠡᠨ ᠤ ᠠᠮᠢᠳᠤᠷᠠᠯ ᠪᠠ ᠠᠵᠢᠯᠯᠠᠬᠤ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠬᠦ ᠪᠣᠯᠤᠨ᠎ᠠ᠃


 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ