ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦᠳᠡ ︵ᠥᠷᠭᠡᠳᠭᠡᠭᠰᠡᠨ︶ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/1/17

      1 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠬᠦᠳᠡ ︵ᠥᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠰᠤᠳᠤᠯᠤᠨ ᠶᠠᠷᠢᠯᠴᠠᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃

      ᠬᠤᠷᠠᠯ ᠠᠴᠠ᠂ ᠵᠠᠰᠠᠭ ᠤᠨ ᠣᠷᠳᠣᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠬᠦ ᠪᠣᠯ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠮᠥᠨ᠂ ᠪᠠᠰᠠ ᠴᠤ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠴᠢᠬᠤᠯᠠ ᠬᠡᠯᠪᠡᠷᠢ ᠮᠥᠨ᠂ ᠵᠠᠰᠠᠭ ᠤᠨ ᠣᠷᠳᠣᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠶᠢ ᠢᠯᠡᠷᠡᠭᠦᠯᠵᠦ ᠪᠠᠶᠢᠨ᠎ᠠ᠃ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠵᠦ᠂ ᠨᠠᠷᠢᠨ ᠬᠢᠨᠠᠮᠠᠭᠠᠶ ᠰᠢᠩᠭᠡᠭᠡᠨ ᠠᠪᠴᠤ᠂ ᠣᠯᠠᠨ ᠤ ᠤᠬᠠᠭᠠᠨ ᠰᠠᠨᠠᠭ᠎ᠠ ᠶᠢ ᠲᠥᠪᠯᠡᠷᠡᠭᠦᠯᠦᠨ᠂ ᠣᠯᠠᠨ ᠤ ᠤᠬᠠᠭᠠᠨ ᠬᠠᠮᠲᠤ ᠶᠢᠨ ᠬᠦᠴᠦ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠳᠤ ᠨᠡᠶᠢᠴᠡᠭᠦᠯᠵᠦ᠂ ᠪᠥᠬᠦ ᠣᠷᠣᠨ ᠤ ᠠᠷᠠᠳ ᠲᠦᠮᠡᠨ ᠢ ᠰᠡᠳᠭᠢᠯ ᠬᠠᠨᠤᠮᠵᠢᠲᠠᠶ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠣᠨᠣᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠢᠳᠡᠨ ᠤ ᠨᠠᠮ ᠤᠨ ᠲᠡᠦᠬᠡ ᠶᠢ ᠰᠤᠷᠤᠯᠴᠠᠵᠤ᠂ ᠨᠠᠮ ᠤᠨ ᠲᠡᠦᠬᠡ ᠶᠢ ᠣᠶᠢᠯᠠᠭᠠᠵᠤ᠂ ᠨᠠᠮ ᠤᠨ ᠲᠡᠦᠬᠡ ᠶᠢ ᠬᠡᠷᠡᠭᠯᠡᠬᠦ ᠦᠨᠳᠦᠰᠦᠨ ᠵᠢᠷᠤᠮᠯᠠᠯ ᠮᠥᠨ᠂ ᠡᠷᠬᠡᠪᠰᠢ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠳ᠋ᠦᠩᠨᠡᠯᠲᠡ᠂ ᠰᠤᠷᠤᠯᠴᠠᠯᠭ᠎ᠠ᠂ ᠬᠥᠮᠦᠵᠢᠯ᠂ ᠤᠬᠠᠭᠤᠯᠭ᠎ᠠ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

      ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠬᠤ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠨᠢᠭᠡ ᠵᠢᠯ ᠪᠣᠯᠤᠨ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠶᠯ ᠢ ᠠᠳᠬᠤᠵᠤ᠂ ᠠᠬᠢᠴᠠ ᠶᠢ ᠠᠩᠬᠠᠷᠤᠨ᠂ ᠨᠠᠷᠢᠨ ᠲᠠᠩᠰᠠ ᠭᠠᠷᠭᠠᠵᠤ᠂ ᠶᠠᠪᠤᠴᠠ ᠶᠢ ᠱᠠᠯᠠᠪᠳᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠣᠨᠴᠠᠭᠠᠶ ᠠᠷᠭ᠎ᠠ ᠬᠡᠮᠵᠢᠶ᠎ᠡ᠂ ᠨᠠᠩ ᠶᠡᠭᠡ ᠡᠷᠴᠢᠮ ᠢᠶᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠤᠭᠲᠠᠭᠤᠨ ᠡᠬᠢᠯᠡᠯᠲᠡ᠂ ᠠᠮᠵᠢᠯᠲᠠᠲᠠᠢ ᠡᠬᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠡᠳ᠋ ᠤᠨ ᠵᠠᠰᠠᠭ ᠮᠥᠩᠭᠦᠨ ᠭᠦᠶᠯᠭᠡᠭᠡ᠂ ᠠᠶᠤᠯᠭᠦᠢ ᠦᠶᠯᠡᠳᠪᠦᠷᠢᠯᠡᠯ᠂ ᠬᠡᠷ ᠭᠠᠵᠠᠷ ᠤᠨ ᠬᠥᠷᠥᠩᠭᠡ ᠶᠢᠨ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠯᠠᠩᠭᠤᠶ᠎ᠠ ᠬᠢᠵᠢᠭ ᠤᠨ ᠪᠠᠶᠢᠳᠠᠯ ᠤᠨ ᠪᠥᠬᠦ ᠬᠡᠯᠬᠢᠶ᠎ᠡ ᠶᠢ ᠣᠨᠣᠪᠴᠢᠲᠠᠶ ᠪᠠᠷ ᠰᠡᠷᠭᠡᠶᠢᠯᠡᠨ ᠡᠵᠡᠮᠳᠡᠬᠦ ᠶᠢ ᠰᠢᠨᠵᠢᠯᠡᠬᠦ ᠤᠬᠠᠭᠠᠨᠴᠢ ᠬᠦᠴᠦᠲᠡᠶ ᠰᠠᠶᠢᠲᠤᠷ ᠠᠳᠬᠤᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠪᠣᠳᠠᠲᠠᠶ ᠬᠢᠵᠦ᠂ ᠬᠠᠮᠤᠭ ᠤᠨ ᠳᠡᠭᠡᠳᠦ ᠰᠣᠨᠣᠷ ᠰᠡᠷᠡᠮᠵᠢ ᠲᠠᠢ ᠪᠠᠷ᠂ ᠬᠠᠮᠤᠭ ᠤᠨ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠠᠷ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠲᠤᠲᠤᠨ᠎ᠠ ᠪᠠᠨ ᠳᠠᠬᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃

      ᠬᠤᠷᠠᠯ ᠠᠴᠠ᠂ ᠰᠢᠨ᠎ᠡ ᠵᠢᠯ ᠴᠠᠭᠠᠨ ᠰᠠᠷ᠎ᠠ ᠶᠢᠨ ᠡᠬᠢ ᠪᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠯ᠎ᠡ ᠵᠦᠶᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠢ ᠦᠨᠡᠨ ᠰᠡᠳᠭᠢᠯ ᠠᠴᠠ ᠪᠠᠨ ᠬᠠᠶᠢᠷᠠᠯᠠᠨ ᠬᠠᠯᠠᠮᠵᠢᠯᠠᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠡᠷᠡᠭᠯᠡᠭᠡᠨ ᠤ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠬᠤ᠂ ᠤᠯᠠᠨ ᠲᠦᠮᠡᠨ ᠤ ᠠᠮᠤᠷ ᠠᠮᠤᠭᠤᠯᠠᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ