ᠪᠦᠬᠦ ᠤᠷᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠳ᠋ᠦᠩᠨᠡᠯᠳᠡ ᠶᠢᠨ ᠬᠤᠷᠠᠯ ᠬᠤᠷᠠᠯᠳᠤᠪᠠ  ᠱᠢ ᠲᠠᠢ ᠹᠧᠩ  ᠸᠠᠩ ᠸᠧᠢ ᠭᠦᠸᠧ ᠶᠠᠷᠢᠶ᠎ᠠ ᠲᠠᠯᠪᠢᠵᠤ  ᠸᠠᠩ ᠯᠢ ᠰᠢᠶᠠ ᠬᠤᠷᠠᠯ ᠢ  ᠡᠷᠬᠢᠯᠡᠵᠤ  ᠯᠢ ᠰᠢᠦ ᠯᠢᠩ ᠤᠷᠤᠯᠴᠠᠵᠠᠢ
ᠨᠡᠶᠢᠲᠡᠯᠡᠭᠰᠡᠨ ᠴᠠᠭ᠄
2022/1/17

      1 ᠰᠠᠷ᠎ᠠ ᠶᠢᠨ 16᠎ ᠤ ᠡᠳᠦᠷ᠂ ᠪᠦᠬᠦ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠲᠥᠪ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠲᠤᠬᠠᠶ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃

      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠸᠧᠢ ᠭᠦᠸᠧ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃

      ᠱᠢ ᠲᠠᠢ ᠹᠧᠩ ᠶᠠᠷᠢᠶᠠᠨ ᠳᠠᠭᠠᠨ᠂ ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠵᠠᠭᠤᠨ ᠵᠢᠯ ᠤᠨ ᠨᠠᠮ ᠤᠨ ᠲᠡᠦᠬᠡ ᠶᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠠᠴᠠ ᠪᠤᠳᠤᠯᠬᠢᠯᠠᠵᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠤᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠨᠠᠷᠢᠨ ᠨᠢᠮᠪᠠᠶ ᠵᠢᠯᠣᠭᠤᠳᠣᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠡᠦᠬᠡ ᠶᠢ ᠰᠤᠷᠤᠯᠴᠠᠵᠤ ᠶᠣᠰᠣ ᠤᠴᠢᠷ ᠢ ᠤᠶᠢᠯᠠᠭᠠᠬᠤ᠂ ᠲᠡᠦᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ ᠰᠤᠷᠳᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠤ ᠴᠢᠷᠮᠠᠶᠢᠨ ᠦᠶᠯᠡᠳᠦᠯᠭᠡᠵᠢᠭᠦᠯᠬᠦ ᠱᠠᠭᠠᠷᠳᠠᠯᠭ᠎ᠠ ᠲᠠᠢ ᠤᠶᠠᠯᠳᠤᠭᠤᠯᠵᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠡᠯ᠎ᠡ ᠵᠦᠶᠯ ᠤᠨ ᠠᠵᠢᠯ ᠢ ᠨᠡᠪᠲᠡᠷᠡᠯᠴᠡᠭᠦᠯᠦᠨ ᠠᠬᠢᠭᠤᠯᠵᠤ᠂ ᠪᠥᠬᠦ ᠣᠷᠣᠨ ᠤ 9 ᠲᠦᠮᠡ ᠭᠠᠷᠤᠶ ᠨᠠᠮ ᠤᠨ ᠵᠣᠬᠢᠶᠠᠨ ᠪᠠᠶᠢᠭᠤᠯᠤᠯᠲᠠ ᠬᠠᠮᠵᠢᠯᠴᠠᠨ ᠬᠥᠳᠡᠯᠦᠯᠴᠡᠵᠦ᠂ 169 ᠲᠦᠮᠡ ᠭᠠᠷᠤᠶ ᠨᠠᠮ ᠤᠨ ᠭᠡᠰᠢᠭᠦᠨ ᠢᠳᠡᠪᠬᠢᠲᠡᠶ ᠬᠦᠳᠡᠯᠦᠯᠴᠡᠵᠤ᠂ ᠥᠷᠭᠡᠨ ᠣᠯᠠᠨ ᠲᠦᠮᠡᠨ ᠬᠠᠯᠠᠭᠤᠨ ᠢᠶᠠᠷ ᠣᠷᠣᠯᠴᠠᠵᠤ᠂ ᠪᠦᠬᠦᠶᠢᠯᠡ ᠰᠤᠷᠤᠯᠴᠠᠯᠭ᠎ᠠ ᠬᠥᠮᠦᠵᠢᠯ ᠡᠷᠴᠢᠮᠲᠡᠶ ᠶᠠᠪᠤᠭᠳᠠᠵᠤ᠂ ᠯᠠᠪᠳᠠᠭᠤᠨ ᠪᠠᠲᠤᠲᠠᠶ ᠭᠦᠨᠵᠡᠭᠡᠶᠢᠷᠡᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠠᠭᠤᠨ ᠵᠢᠯ ᠤᠨ ᠨᠠᠮ ᠤᠨ ᠲᠡᠦᠬᠡ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠵᠤ᠂ ᠨᠠᠮ ᠤᠨ ᠤᠳᠤᠷᠢᠳᠤᠯᠭ᠎ᠠ ᠳᠣᠣᠷ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠪᠠ︔ ᠦᠵᠡᠯ ᠰᠠᠨᠠᠭᠠᠨ ᠤ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠪᠠᠲᠤ ᠢᠲᠡᠭᠡᠵᠦ ᠪᠠᠲᠤ ᠬᠡᠷᠡᠭᠵᠢᠭᠦᠯᠬᠦ ᠡᠷᠡᠰ ᠪᠠᠲᠤ ᠴᠢᠨᠠᠷ ᠤᠬᠠᠮᠰᠠᠷᠲᠤ ᠴᠢᠨᠠᠷ ᠢᠶᠠᠨ ᠤᠯᠠᠮ ᠴᠢᠨᠠᠭᠰᠢᠳᠠ ᠴᠢᠩᠭᠠᠳᠬᠠᠪᠠ︔ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠡᠨᠴᠢ ᠰᠢᠳᠤᠷᠭᠤ ᠰᠡᠳᠭᠢᠯ ᠢᠶᠠᠨ ᠤᠯᠠᠮ ᠴᠢᠨᠠᠭᠰᠢᠳᠠ ᠪᠠᠬᠢᠵᠢᠭᠦᠯᠪᠡ︔ ᠨᠠᠮ ᠤᠨ ᠣᠯᠠᠨ ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠵᠣᠷᠢᠯᠲᠠ ᠶᠢᠨ ᠤᠬᠠᠮᠰᠠᠷ ᠪᠠ ᠠᠷᠠᠳ ᠤᠨ ᠲᠥᠯᠥᠭᠡ ᠭᠡᠬᠦ ᠰᠡᠳᠭᠢᠯᠭᠡ ᠶᠢ ᠤᠯᠠᠮ ᠴᠢᠨᠠᠭᠰᠢᠳᠠ ᠪᠠᠲᠤ ᠴᠤᠭᠴᠠᠯᠠᠪᠠ︔ ᠨᠠᠮ ᠤᠨ ᠤᠷᠲᠤ ᠬᠤᠭᠤᠴᠠᠭᠠᠨ ᠤ ᠲᠡᠮᠡᠴᠡᠯ ᠳᠤᠮᠳᠠ ᠴᠣᠭᠴᠠᠯᠠᠭᠰᠠᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠤᠷᠢᠭ ᠢ ᠤᠯᠠᠮ ᠴᠢᠨᠠᠭᠰᠢᠳᠠ ᠬᠥᠭᠵᠢᠭᠡᠪᠡ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠭᠤᠣᠯ ᠠᠵᠢᠯ ᠢ ᠠᠭᠤᠰᠤᠯᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠲᠡᠦᠬᠡ ᠶᠢᠨ ᠶᠡᠭᠡ ᠬᠠᠨᠳᠤᠰᠢ ᠶᠢ ᠡᠵᠡᠮᠳᠡᠬᠦ᠂ ᠬᠤᠪᠢᠷᠠᠯᠲᠠ ᠶᠢ ᠠᠷᠭᠠᠴᠡᠭᠠᠨ ᠰᠢᠨ᠎ᠡ ᠪᠠᠶᠢᠳᠠᠯ ᠢ ᠨᠡᠬᠡᠬᠡᠬᠦ ᠡᠷᠳᠡᠮ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠪᠡ ᠭᠡᠵᠤ ᠵᠢᠭᠠᠵᠤ ᠭᠠᠷᠭᠠᠵᠠᠢ᠃

      ᠱᠢ ᠲᠠᠢ ᠹᠧᠩ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯ ᠤᠷᠳᠤ ᠬᠤᠭᠤᠴᠠᠭᠠᠨ ᠤ ᠡᠭᠦᠷᠭᠡ ᠮᠥᠨ᠂ ᠦᠷᠬᠦᠯᠵᠢᠯᠡᠨ ᠬᠢᠬᠦ ᠴᠠᠭ ᠪᠠᠶᠢᠬᠤ ᠠᠴᠠ ᠪᠢᠰᠢ ᠲᠡᠭᠦᠰᠬᠦ ᠴᠠᠭ ᠪᠠᠶᠢᠬᠤ ᠦᠭᠡᠢ᠃ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠡᠨᠡ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠳᠠᠢ ᠲᠦᠷᠢᠮ ᠤᠨ ᠲᠣᠭᠲᠡᠴᠡ ᠶᠢ ᠪᠠᠶᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠨᠡ ᠬᠦ ᠭᠤᠤᠯᠳᠠᠯᠭ᠎ᠠ ᠶᠢ ᠳᠣᠪᠣᠶᠢᠯᠭᠠᠵᠤ᠂ ᠨᠠᠮ ᠤᠨ ᠲᠡᠦᠬᠡ ᠶᠢ ᠦᠷᠭᠦᠯᠵᠢᠯᠡᠨ ᠰᠤᠷᠤᠯᠴᠠᠵᠤ᠂ ᠨᠠᠮ ᠤᠨ ᠲᠡᠦᠬᠡ ᠶᠢ ᠭᠦᠨᠵᠡᠭᠡᠶ ᠣᠶᠢᠯᠠᠭᠠᠵᠤ᠂ ᠨᠠᠮ ᠤᠨ ᠲᠡᠦᠬᠡ ᠶᠢ ᠨᠠᠩ ᠰᠠᠶᠢᠲᠤᠷ ᠬᠡᠷᠡᠭᠯᠡᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠬᠡᠬᠡᠬᠦ ᠶᠢ ᠠᠬᠢᠭᠤᠯᠵᠤ ᠲᠠᠰᠤᠷᠠᠯᠲᠠ ᠥᠬᠡᠶ ᠨᠠᠩ ᠶᠡᠭᠡ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠶ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠦᠵᠡᠯ ᠰᠠᠨᠠᠭᠠᠨ ᠤ ᠤᠬᠠᠮᠰᠠᠷ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠨ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠠᠵᠢᠯ ᠢ ᠨᠡᠩ ᠰᠠᠶᠢᠨ ᠵᠢᠯᠤᠭᠤᠳᠬᠤ ᠬᠡᠷᠡᠭᠲᠡᠢ᠃ ᠲᠡᠦᠬᠡ ᠶᠢᠨ ᠢᠲᠡᠭᠡᠯ ᠢ ᠨᠡᠮᠡᠭᠳᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠠᠭᠤᠨ ᠵᠢᠯ ᠤᠨ ᠨᠠᠮ ᠤᠨ ᠲᠡᠦᠬᠡ ᠠᠴᠠ ᠮᠠᠨ ᠤ ᠨᠠᠮ ᠤᠨ ᠲᠡᠷᠢᠭᠦᠨ ᠤ ᠴᠢᠨᠠᠷ᠂ ᠨᠠᠮ ᠤᠨ ᠠᠵᠢᠯ ᠦᠢᠯᠡᠰ ᠤᠨ ᠰᠢᠳᠤᠷᠭᠤ ᠴᠢᠨᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠵᠠᠶᠢᠯᠠᠰᠢ ᠦᠭᠡᠢ ᠴᠢᠨᠠᠷ᠂ ᠮᠠᠷᠺᠰ ᠤᠨ ᠦᠵᠡᠯ ᠤᠨ ᠦᠨᠡᠨ ᠶᠣᠰᠣᠴᠢ ᠴᠢᠨᠠᠷ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠵᠥᠪ ᠣᠨᠣᠪᠴᠢᠲᠤ ᠴᠢᠨᠠᠷ ᠢ ᠭᠦᠨᠵᠡᠭᠡᠢ ᠣᠶᠢᠯᠠᠭᠠᠵᠤ᠂ ᠨᠠᠮ ᠤᠨ ᠤᠳᠤᠷᠢᠳᠤᠯᠭ᠎ᠠ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠤᠨ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ︽ᠤᠯᠤᠰ ᠤᠨ ᠶᠡᠭᠡ ᠶᠠᠪᠤᠳᠠᠯ︾᠎ ᠢ ᠪᠠᠲᠤ ᠴᠡᠭᠡᠵᠢᠯᠡᠵᠦ᠂ ᠪᠠᠶᠢᠯᠳᠤᠬᠤ ᠪᠣᠳᠣᠯᠭ᠎ᠠ ᠶᠢᠨ ᠰᠡᠳᠭᠢᠬᠦᠶ ᠶᠢ ᠪᠣᠶ ᠪᠣᠯᠭᠠᠵᠤ᠂ ᠨᠠᠮ ᠤᠨ ᠣᠨᠣᠯ ᠪᠣᠯᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠤᠤᠷ᠎ᠠ ᠴᠥᠮ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠥᠬᠦᠴᠡᠯ ᠥᠬᠡᠶ ᠪᠠᠷ ᠬᠡᠷᠡᠭᠵᠢᠭᠦᠯᠵᠦ᠂ ᠬᠡᠯᠪᠡᠶᠢᠯᠭᠡᠬᠦ ᠥᠬᠡᠶ᠂ ᠬᠤᠪᠢᠷᠠᠭᠤᠯᠬᠤ ᠥᠬᠡᠶ᠂ ᠥᠭᠡᠷᠡᠲᠦᠬᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠭᠡᠬᠦ ᠡᠨᠡ ᠬᠦ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠢ ᠤᠨᠤᠯ ᠢᠶᠠᠷ ᠵᠡᠪᠰᠡᠭᠯᠡᠬᠦ ᠶᠢᠨ ᠭᠤᠣᠯ ᠠᠭᠤᠯᠭ᠎ᠠ ᠪᠣᠯᠭᠠᠵᠤ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠪᠦᠬᠦᠯᠢ ᠴᠣᠭᠴᠠ ᠠᠴᠠ ᠰᠢᠰᠲ᠋ᠧᠮ ᠲᠠᠢ ᠡᠵᠡᠮᠳᠡᠬᠦ ᠶᠢ ᠴᠢᠬᠤᠯᠠᠴᠢᠯᠠᠬᠤ ᠪᠠᠷ ᠪᠠᠷᠠᠬᠤ ᠦᠭᠡᠢ᠂ ᠲᠤᠰᠬᠠᠢ ᠰᠡᠳᠦᠪ ᠬᠤᠪᠢᠶᠠᠨ ᠬᠦᠷᠢᠶ᠎ᠡ ᠴᠠᠷᠠᠭ᠎ᠠ ᠬᠤᠪᠢᠶᠠᠨ ᠦᠢᠯᠡᠳᠦᠯᠭᠡ ᠶᠢᠨ ᠱᠠᠭᠠᠷᠳᠠᠯᠭ᠎ᠠ ᠶᠢ ᠣᠶᠢᠯᠠᠭᠠᠬᠤ ᠶᠢ ᠴᠢᠬᠤᠯᠠᠴᠢᠯᠠᠵᠤ᠂ ᠢᠲᠡᠭᠡᠯ ᠲᠡᠭᠦᠯᠳᠡᠷ ᠮᠦᠷᠲᠡᠭᠡᠨ ᠭᠦᠨ ᠵᠤᠵᠠᠭᠠᠨ ᠪᠠᠶᠢᠬᠤ᠂ ᠠᠭᠤᠰᠤᠯᠴᠠᠨ ᠨᠡᠪᠲᠡᠷᠡᠯᠴᠡᠬᠦ ᠮᠦᠷᠲᠡᠭᠡᠨ ᠤᠶᠢᠯᠠᠭᠠᠵᠤ ᠬᠡᠷᠡᠭᠯᠡᠬᠦ᠂ ᠪᠠᠷᠢᠮᠲᠠᠯᠠᠬᠤ ᠮᠥᠷᠲᠡᠭᠡᠨ ᠪᠠᠲᠤᠲᠠᠢ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠪᠠ ᠬᠥᠭᠵᠢᠯᠲᠡ ᠶᠢᠨ ᠦᠵᠡᠯᠲᠡ ᠶᠢ ᠪᠤᠢ ᠪᠣᠯᠭᠠᠵᠤ᠂ ︽ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠤᠷᠳᠤ ᠬᠤᠭᠤᠴᠠᠭ᠎ᠠ ᠪᠠᠷ ᠥᠷᠨᠢᠭᠦᠯᠵᠦ᠂ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠪᠠᠷ ᠤᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠲᠦᠭᠡᠮᠡᠯ ᠠᠰᠢᠭ ᠬᠦᠷᠲᠡᠭᠡᠬᠦ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠤᠨᠢᠨ ᠳᠡᠭᠡᠷ᠎ᠡ ᠨᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠵᠢᠯ ᠪᠦᠷᠢ ᠰᠢᠨ᠎ᠡ ᠣᠯᠤᠯᠲᠠ ᠲᠠᠢ ᠪᠤᠯᠭᠠᠵᠤ᠂ ᠨᠡᠩ ᠵᠣᠯ ᠵᠢᠷᠭᠠᠯᠲᠤ ᠲᠦᠷᠦᠭᠳᠡᠯ ᠣᠯᠭᠤᠬᠤ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠤᠤᠯ ᠵᠥᠷᠢᠴᠡᠯ ᠪᠣᠯᠤᠨ ᠭᠤᠤᠯ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠲᠠᠭᠠᠬᠤ ᠶᠢ ᠴᠢᠬᠤᠯᠠᠴᠢᠯᠠᠵᠤ᠂ ᠥᠪᠥᠷ ᠮᠣᠩᠭᠤᠯ ᠤᠨ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠲᠠᠰᠤᠷᠠᠯᠲᠠ ᠥᠬᠡᠶ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ ᠰᠢᠨ᠎ᠡ ᠠᠮᠵᠢᠯᠲᠠ ᠪᠦᠲᠦᠮᠵᠢ ᠡᠭᠦᠳᠬᠦ ᠬᠡᠷᠡᠭᠲᠡᠶ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠬᠤᠶᠠᠷ ᠤᠬᠳᠤ ᠠᠭᠤᠴᠢᠯᠠᠬᠤ ᠦᠭᠡᠢ︾ ᠴᠢᠬᠤᠯᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠡᠨᠡ ᠬᠦ ᠰᠠᠭᠤᠷᠢ ᠴᠢᠨᠠᠷᠲᠠᠢ ᠢᠨᠵᠧᠨᠧᠷᠢᠩ ᠢ ᠠᠳᠬᠤᠵᠤ᠂ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠪᠤᠰᠤ ᠰᠤᠷᠲᠠᠯ ᠢ ᠡᠷᠡᠰ ᠵᠠᠯᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠪᠦᠬᠦ ᠣᠷᠣᠨ ᠤ ᠤᠯᠤᠰ ᠲᠦᠷᠦ ᠶᠢᠨ ᠠᠮᠢ ᠠᠬᠤᠢ ᠶᠢᠨ ᠦᠨᠳᠦᠰᠦᠨ ᠰᠠᠶᠢᠵᠢᠷᠠᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠸᠠᠩ ᠸᠧᠶ ᠭᠦᠸᠧ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠪᠥᠬᠦ ᠲᠠᠯ᠎ᠠ ᠪᠠᠷ ᠭᠦᠨᠵᠡᠭᠡᠶ ᠵᠣᠬᠢᠶᠠᠨ ᠪᠠᠶᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠥᠷᠨᠢᠯᠲᠡ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠯᠡᠳᠲᠡ ᠦᠷ᠎ᠡ ᠪᠦᠲᠦᠮᠵᠢ ᠣᠯᠵᠤ᠂ ᠨᠠᠮ ᠤᠨ ᠳᠡᠥᠬᠡ ᠶᠢ ᠰᠤᠷᠤᠯᠴᠠᠬᠤ᠂ ᠦᠵᠡᠯ ᠰᠠᠨᠠᠭ᠎ᠠ ᠪᠠᠨ ᠰᠡᠭᠡᠭᠡᠷᠡᠭᠦᠯᠬᠦ᠂ ᠪᠤᠳᠠᠳᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠬᠦᠳᠬᠦ ᠬᠠᠷᠠᠯᠲᠠ ᠳᠤ ᠬᠦᠷᠴᠦ᠂ ᠠᠮᠵᠢᠯᠲᠠ ᠪᠦᠲᠦᠮᠵᠢ ᠨᠢ ᠭᠦᠶᠴᠡᠳ ᠨᠤᠲᠠᠯᠠᠭᠤᠰᠢᠲᠠᠶ ᠶᠤᠮ᠃ ᠥᠪᠥᠷ ᠮᠣᠩᠭᠤᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠥᠷᠭᠡᠳᠭᠡᠬᠦ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠩᠭᠤᠵᠢᠭᠰᠠᠨ ᠤᠷᠲᠤ ᠬᠤᠭᠤᠴᠠᠭᠠᠨ ᠤ ᠪᠦᠲᠦᠮᠵᠢᠲᠡᠢ ᠳᠦᠷᠢᠮ ᠲᠣᠭᠲᠠᠴᠠ ᠶᠢ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ