ᠡᡁᠧᠩ ᠰᠢᠶᠤᠤ ᠹᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠨᠦᠭᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/1/17

      1 ᠰᠠᠷ᠎ᠠ ᠶᠢᠨ 14᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠡᡁᠧᠩ ᠰᠢᠶᠤᠤ ᠹᠠᠨ ᠪᠦᠯᠬᠦᠮ ᠳᠠᠭᠠᠭᠤᠯᠤᠨ ᠬᠥᠬᠡᠬᠤᠲᠠ ᠶᠢᠨ ᠵᠤᠤ ᠤᠳᠠ ᠵᠠᠮ ᠤᠨ ᠬᠠᠤᠯᠢ ᠴᠠᠭᠠᠵᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠬᠦᠷᠴᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
      ᠵᠤᠤ ᠤᠳᠠ ᠵᠠᠮ ᠤᠨ ᠬᠠᠤᠯᠢ ᠴᠠᠭᠠᠵᠠ ᠶᠢᠨ ᠭᠠᠵᠠᠷ ᠲᠤ᠂ ᠾᠧᠩ ᠰᠢᠶᠤᠤ ᠹᠠᠨ ᠨᠠᠷ ᠠᠷᠠᠳ ᠤᠨ ᠡᠶᠡᠳᠡᠭᠦᠯᠭᠡ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠨᠡᠶᠢᠭᠡᠮ ᠲᠣᠭᠤᠷᠢᠭ ᠠᠴᠠ ᠤᠷᠤᠯᠴᠠᠬᠰᠠᠨ ᠵᠠᠯᠠᠷᠠᠭᠤᠯᠭ᠎ᠠ᠂ ᠠᠯᠤᠰ ᠠᠴᠠ ᠡᠷᠬᠢᠨ ᠦᠵᠡᠵᠦ ᠰᠤᠷᠪᠤᠯᠵᠢᠯᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠯᠢᠬ ᠪᠠᠶᠢᠴᠠᠭᠠᠨ ᠰᠤᠳᠤᠯᠪᠠ᠃ ᠳᠠᠷᠠᠭ᠎ᠠ ᠳᠤᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠾᠧᠩ ᠰᠢᠶᠤᠤ ᠹᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠲᠥᠯᠥᠪᠵᠢᠭᠦᠯᠭᠡ ᠨᠢᠭᠡ ᠠᠷᠭ᠎ᠠ ᠬᠡᠮᠵᠢᠶ᠎ᠡ ᠨᠢᠭᠡ ᠲᠥᠰᠦᠯ︾᠂ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠠᠨ ᠬᠡᠷ ᠤᠨ ᠪᠣᠳᠠᠲᠠᠶ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠰᠠᠶᠢᠳᠤᠷ ᠨᠠᠶᠢᠳᠠᠪᠦᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ︔ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠶᠴᠡᠳ ᠠᠰᠢᠭᠯᠠᠨ ᠲᠡᠰ ᠲᠠᠷᠠᠭᠠᠯᠠᠯ ᠢ ᠳᠠᠬᠢᠨ ᠪᠠᠶᠢᠭᠤᠯᠬᠤ ᠶᠢ ᠠᠬᠢᠭᠤᠯᠵᠤ᠂ ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠬᠦᠳᠴᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠭᠡᠷᠡᠭᠳᠠᠢ᠃ ᠦᠨᠳᠦᠰᠦᠨ ᠱᠠᠲᠤᠨ ᠤ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠬᠦᠯᠤᠨ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ᠂ ᠡᠶ᠎ᠡ ᠵᠤᠬᠢᠴᠠᠩᠭᠤᠢ ᠪᠠᠶᠢᠳᠠᠯ ᠢ ᠠᠬᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠬᠤ ᠭᠡᠷᠡᠭᠳᠠᠢ ᠬᠡᠵᠤ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ