ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/1/17

      1 ᠳ᠋ᠦ᠋ᠭᠡᠷ ᠰᠠᠷ᠎ᠠ ᠶᠢᠨ 16᠎ ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠰᠢᠨ᠎ᠡ ᠪᠠᠷ ᠨᠡᠮᠡᠭᠳᠡᠭᠰᠡᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 5 ᠡᠪᠡᠳᠴᠢᠨ ᠤ ᠵᠢᠱᠢᠶ᠎ᠡ ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃

      ᠣᠳᠣ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 336 ᠪᠠᠶᠢᠵᠤ᠂ ᠪᠦᠬᠦᠨ ᠢᠶᠠᠷ ᠢᠶᠠᠨ ᠡᠷᠡᠭᠦᠯᠵᠢᠵᠦ ᠡᠮᠨᠡᠯᠭᠡ ᠠᠴᠠ ᠭᠠᠷᠪᠠ᠃

      ᠳᠠᠷᠠᠭᠠᠴᠢ ᠶᠢᠨ ᠠᠯᠬᠤᠮ ᠳᠤ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ