ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠥᠪ ᠤᠨ ᠬᠡᠰᠡᠭ ᠠᠵᠤ ᠠᠬᠤᠶᠢᠯᠠᠯ ᠲᠠᠢ ᠪᠡᠭᠡᠵᠢᠩ ᠳᠤ ᠬᠡᠯᠡᠯᠴᠡᠭᠡ ᠬᠢᠪᠡ  ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/1/17
      1 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤᠮᠳᠠᠳᠤ ᠤᠯᠤᠰ ᠤᠨ ᠴᠥᠮ᠎ᠡ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠪᠡᠭᠡᠵᠢᠩ ᠳᠤ ᠲᠣᠰ ᠲᠣᠰ ᠬᠡᠯᠡᠯᠴᠡᠭᠡ ᠬᠢᠵᠦ᠂ ᠣᠷᠣᠨ ᠨᠤᠲᠤᠭ ᠬᠢᠭᠡᠳ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠶᠠᠪᠤᠳᠠᠯ ᠢ ᠭᠦᠨᠵᠡᠭᠡᠶᠢᠷᠡᠭᠦᠯᠬᠦ ᠲᠤᠬᠠᠶ ᠬᠠᠮᠲᠤ ᠪᠠᠷ ᠵᠥᠪᠳᠡᠯᠴᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠦ᠋ ᠵᠢᠶᠦ᠋ᠨ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠶᠦᠩ ᠱᠧᠩ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠶᠠᠨ ᡁᠢ ᠮᠢᠨ ᠲᠤᠰ ᠲᠤᠰ ᠬᠡᠯᠡᠯᠴᠡᠭᠡ ᠳᠤ ᠣᠷᠣᠯᠴᠠᠪᠠ᠃      ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ᠂ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠪᠣᠯᠤᠭᠰᠠᠨ ᠤ ᠬᠤᠪᠢ ᠳᠤ᠂ ᠠᠯᠢ ᠣᠯᠠᠨ ᠲᠥᠪ ᠤᠨ ᠠᠵᠤ ᠠᠬᠤᠶᠢᠯᠠᠯ ᠲᠠᠢ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠬᠠᠮᠲᠤ ᠶᠢᠨ ᠤᠯᠤᠰ ᠲᠥᠷᠥ ᠶᠢᠨ ᠡᠭᠦᠷᠭᠡ ᠪᠠ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠲᠥᠪ ᠤᠨ ᠠᠵᠤ ᠠᠬᠤᠶᠢᠯᠠᠯ ᠪᠡᠯᠡ ᠮᠥᠩᠭᠦ᠂ ᠮᠡᠷᠭᠡᠵᠢᠯ᠂ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠤᠯᠠᠮ ᠴᠢᠨᠠᠭᠰᠢᠳᠠ ᠥᠷᠭᠡᠳᠭᠡᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠬᠠᠮᠲᠤᠷᠠᠯᠴᠠᠭᠠᠨ ᠤ ᠲᠦᠷᠦᠯ ᠵᠦᠢᠯ ᠢᠶᠠᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠮᠠᠨ ᠤ ᠣᠷᠣᠨ ᠤ ᠡᠨᠧᠷᠭᠢ ᠡᠬᠢ ᠪᠠᠶᠠᠯᠢᠭ ᠤᠨ ᠠᠵᠤ ᠦᠢᠯᠡᠰ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠬᠥᠭᠵᠢᠬᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠲᠥᠪ ᠤᠨ ᠠᠵᠤ ᠠᠬᠤᠶᠢᠯᠠᠯ ᠤᠨ ᠥᠪᠥᠷ ᠮᠣᠩᠭᠤᠯ ᠳᠠᠬᠢ ᠬᠥᠭᠵᠢᠯᠲᠡ ᠶᠢ ᠳᠡᠮᠵᠢᠵᠦ᠂ ᠬᠦᠴᠦᠲᠡᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠡᠯ᠎ᠡ ᠲᠥᠷᠥᠯ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠠᠮᠲᠤᠷᠠᠯᠴᠠᠭᠠᠨ ᠤ ᠲᠥᠷᠥᠯ ᠵᠦᠶᠯ ᠢ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠭᠡᠵᠡᠢ᠃      ᠬᠥ᠋ ᠵᠢᠶᠦ᠋ᠨ᠂ ᠳᠤᠮᠳᠠᠳᠤ ᠤᠯᠤᠰ ᠤᠨ ᠴᠥᠮ᠎ᠡ ᠶᠢᠨ ᠠᠵᠤ ᠦᠶᠯᠡᠳᠪᠦᠷᠢ ᠶᠢᠨ ᠪᠦᠯᠦᠭᠯᠡᠯ ᠥᠪᠥᠷ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠠᠵᠤ ᠠᠬᠤᠶᠢᠯᠠᠯ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠡᠮ ᠡᠮᠨᠡᠯᠭᠡ᠂ ᠢᠯᠴᠢ ᠬᠠᠩᠭᠠᠬᠤ ᠵᠡᠷᠭᠡ ᠬᠦᠷᠢᠶᠡᠨ ᠳᠤ ᠥᠪᠥᠷ ᠮᠣᠩᠭᠤᠯ ᠯᠤᠭ᠎ᠠ ᠨᠠᠩ ᠪᠣᠳᠠᠲᠠᠶ ᠶᠢ ᠡᠷᠬᠢᠮᠯᠡᠭᠰᠡᠨ᠂ ᠨᠠᠩ ᠥᠷᠭᠡᠨ ᠳᠡᠯᠭᠡᠷ᠂ ᠨᠠᠩ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃      ᠮᠠ ᠶᠦᠩ ᠱᠧᠩ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠲᠤᠰ ᠪᠡᠶ᠎ᠡ ᠶᠢᠨ ᠠᠵᠤ ᠦᠢᠯᠡᠰ᠂ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠯᠬᠢ ᠭᠡᠷᠡᠯ ᠴᠠᠬᠢᠯᠭᠠᠨ ᠤ ᠰᠢᠨ᠎ᠡ ᠡᠨᠧᠷᠭᠢ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠨᠡᠭᠦᠷᠡᠰᠦ ᠪᠠᠷ ᠠᠯᠺᠧᠨ ᠦᠢᠯᠡᠳᠬᠦ ᠵᠡᠷᠭᠡ ᠲᠠᠯ᠎ᠠ ᠪᠠᠷ ᠥᠪᠥᠷ ᠮᠣᠩᠭᠤᠯ ᠯᠤᠭ᠎ᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠯᠪᠣᠭᠳᠠᠯ ᠪᠦᠬᠦᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠤᠨ᠎ᠠ ᠭᠡᠵᠦ ᠢᠯᠡᠳᠭᠡᠪᠡ᠃      ᠴᠢᠶᠠᠨ ᡁᠢ ᠮᠢᠨ᠂ ᠥᠪᠥᠷ ᠮᠣᠩᠭᠤᠯ ᠪᠣᠯ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠴᠢᠬᠤᠯᠠ ᠬᠥᠭᠵᠢᠯᠲᠡ ᠶᠢᠨ ᠣᠷᠣᠨ ᠪᠣᠯᠤᠨ᠎ᠠ᠂ ᠬᠤᠶᠠᠷ ᠲᠠᠯ᠎ᠠ ᠪᠠᠷ ᠢᠶᠠᠨ ᠴᠡᠪᠡᠷ ᠡᠨᠧᠷᠭᠢ᠂ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ᠂ ᠤᠰᠤᠲᠥ᠋ᠷᠥᠭᠴᠢ ᠡᠨᠧᠷᠭᠢ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠨ ᠬᠥᠳᠡᠭᠡ ᠲᠣᠰᠬᠤᠨ ᠤ ᠲᠠᠷᠬᠠᠢ ᠪᠤᠳᠠᠷᠬᠠᠢ ᠮᠠᠶ᠋ᠢᠭ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠴᠦᠯᠯᠡᠷᠭᠡᠭ ᠭᠠᠵᠠᠷ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠬᠥᠭᠵᠢᠭᠦᠯᠬᠦ ᠵᠡᠷᠭᠡ ᠬᠦᠷᠢᠶᠡᠨ ᠳᠤ ᠣᠷᠣᠭᠤᠯᠤᠯᠲᠠ ᠪᠠᠨ ᠨᠡᠮᠡᠭᠳᠡᠭᠦᠯᠵᠦ᠂ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠣᠯᠤᠨ᠎ᠠ ᠭᠡᠵᠦ ᠢᠯᠡᠳᠭᠡᠪᠡ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠪᠤᠭᠤᠲᠤ ᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠬᠡᠯᠡᠯᠴᠡᠭᠡ ᠳᠤ ᠣᠷᠣᠯᠴᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ