1 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠬᠦᠳᠡ ︵ᠥᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠤᠨ | ᠣᠷᠳᠣᠨ ᠤ ᠠᠵᠢᠯ ᠤᠨ ᠢᠯᠡᠳᠭᠡᠯ ᠢ ᠰᠤᠳᠤᠯᠤᠨ ᠶᠠᠷᠢᠯᠴᠠᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠵᠠᠰᠠᠭ ᠤᠨ ᠣᠷᠳᠣᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠬᠦ ᠪᠣᠯ ᠬᠠᠤᠯᠢ ᠪᠠᠷ ᠲᠣᠭᠲᠠᠭᠠᠭᠰᠠᠨ | ᠲᠤᠰᠢᠶᠠᠯ ᠬᠠᠷᠢᠭᠤᠴᠠᠯᠭ᠎ᠠ ᠮᠥᠨ᠂ ᠪᠠᠰᠠ ᠴᠤ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠴᠢᠬᠤᠯᠠ ᠬᠡᠯᠪᠡᠷᠢ ᠮᠥᠨ᠂ ᠵᠠᠰᠠᠭ ᠤᠨ ᠣᠷᠳᠣᠨ ᠤ ᠠᠷᠠᠳ ᠲᠦᠮᠡᠨ ᠳᠤ | ᠬᠢᠭᠰᠡᠨ ᠲᠥᠪ ᠴᠢᠩᠭ᠎ᠠ ᠠᠮᠠᠯᠠᠯᠲᠠ ᠶᠢ ᠢᠯᠡᠷᠡᠭᠦᠯᠵᠦ ᠪᠠᠶᠢᠨ᠎ᠠ᠃ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠵᠦ᠂ ᠨᠠᠷᠢᠨ ᠬᠢᠨᠠᠮᠠᠭᠠᠶ ᠰᠢᠩᠭᠡᠭᠡᠨ | ᠠᠪᠴᠤ᠂ ᠣᠯᠠᠨ ᠤ ᠤᠬᠠᠭᠠᠨ ᠰᠠᠨᠠᠭ᠎ᠠ ᠶᠢ ᠲᠥᠪᠯᠡᠷᠡᠭᠦᠯᠦᠨ᠂ ᠣᠯᠠᠨ ᠤ ᠤᠬᠠᠭᠠᠨ ᠬᠠᠮᠲᠤ ᠶᠢᠨ ᠬᠦᠴᠦ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ | ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠳᠤ ᠨᠡᠶᠢᠴᠡᠭᠦᠯᠵᠦ᠂ ᠪᠥᠬᠦ ᠣᠷᠣᠨ ᠤ | ᠠᠷᠠᠳ ᠲᠦᠮᠡᠨ ᠢ ᠰᠡᠳᠭᠢᠯ ᠬᠠᠨᠤᠮᠵᠢᠲᠠᠶ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ | ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠣᠨᠣᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠢᠳᠡᠨ ᠤ | ᠨᠠᠮ ᠤᠨ ᠲᠡᠦᠬᠡ ᠶᠢ ᠰᠤᠷᠤᠯᠴᠠᠵᠤ᠂ ᠨᠠᠮ ᠤᠨ ᠲᠡᠦᠬᠡ ᠶᠢ ᠣᠶᠢᠯᠠᠭᠠᠵᠤ᠂ ᠨᠠᠮ ᠤᠨ ᠲᠡᠦᠬᠡ ᠶᠢ ᠬᠡᠷᠡᠭᠯᠡᠬᠦ ᠦᠨᠳᠦᠰᠦᠨ ᠵᠢᠷᠤᠮᠯᠠᠯ ᠮᠥᠨ᠂ ᠡᠷᠬᠡᠪᠰᠢ ᠭᠦᠨᠵᠡᠭᠡᠶ | ᠰᠤᠷᠤᠯᠴᠠᠨ ᠣᠶᠢᠯᠠᠭᠠᠵᠤ᠂ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠳ᠋ᠦᠩᠨᠡᠯᠲᠡ᠂ ᠰᠤᠷᠤᠯᠴᠠᠯᠭ᠎ᠠ᠂ ᠬᠥᠮᠦᠵᠢᠯ᠂ | ᠤᠬᠠᠭᠤᠯᠭ᠎ᠠ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠬᠤ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠨᠢᠭᠡ ᠵᠢᠯ ᠪᠣᠯᠤᠨ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠠᠵᠢᠯ ᠢ | ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ | ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠶᠯ ᠢ ᠠᠳᠬᠤᠵᠤ᠂ ᠠᠬᠢᠴᠠ ᠶᠢ ᠠᠩᠬᠠᠷᠤᠨ᠂ ᠨᠠᠷᠢᠨ ᠲᠠᠩᠰᠠ ᠭᠠᠷᠭᠠᠵᠤ᠂ | ᠶᠠᠪᠤᠴᠠ ᠶᠢ ᠱᠠᠯᠠᠪᠳᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠣᠨᠴᠠᠭᠠᠶ ᠠᠷᠭ᠎ᠠ ᠬᠡᠮᠵᠢᠶ᠎ᠡ᠂ ᠨᠠᠩ ᠶᠡᠭᠡ ᠡᠷᠴᠢᠮ ᠢᠶᠠᠷ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠤᠭᠲᠠᠭᠤᠨ ᠡᠬᠢᠯᠡᠯᠲᠡ᠂ ᠠᠮᠵᠢᠯᠲᠠᠲᠠᠢ ᠡᠬᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠩᠬᠠᠷᠤᠯ ᠢᠶᠠᠨ | ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ | ᠡᠳ᠋ ᠤᠨ ᠵᠠᠰᠠᠭ ᠮᠥᠩᠭᠦᠨ ᠭᠦᠶᠯᠭᠡᠭᠡ᠂ ᠠᠶᠤᠯᠭᠦᠢ ᠦᠶᠯᠡᠳᠪᠦᠷᠢᠯᠡᠯ᠂ ᠬᠡᠷ ᠭᠠᠵᠠᠷ ᠤᠨ ᠬᠥᠷᠥᠩᠭᠡ ᠶᠢᠨ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠠᠷᠢᠯᠭᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠯᠠᠩᠭᠤᠶ᠎ᠠ ᠬᠢᠵᠢᠭ ᠤᠨ ᠪᠠᠶᠢᠳᠠᠯ ᠤᠨ ᠪᠥᠬᠦ ᠬᠡᠯᠬᠢᠶ᠎ᠡ ᠶᠢ | ᠣᠨᠣᠪᠴᠢᠲᠠᠶ ᠪᠠᠷ ᠰᠡᠷᠭᠡᠶᠢᠯᠡᠨ ᠡᠵᠡᠮᠳᠡᠬᠦ ᠶᠢ ᠰᠢᠨᠵᠢᠯᠡᠬᠦ ᠤᠬᠠᠭᠠᠨᠴᠢ ᠬᠦᠴᠦᠲᠡᠶ ᠰᠠᠶᠢᠲᠤᠷ ᠠᠳᠬᠤᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠪᠣᠳᠠᠲᠠᠶ ᠬᠢᠵᠦ᠂ ᠬᠠᠮᠤᠭ ᠤᠨ ᠳᠡᠭᠡᠳᠦ ᠰᠣᠨᠣᠷ ᠰᠡᠷᠡᠮᠵᠢ ᠲᠠᠢ ᠪᠠᠷ᠂ ᠬᠠᠮᠤᠭ ᠤᠨ ᠴᠢᠩᠭ᠎ᠠ ᠬᠠᠷᠢᠭᠤᠴᠠᠯᠭᠠᠲᠤ | ᠰᠡᠳᠭᠢᠯᠭᠡ ᠪᠠᠷ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠲᠤᠲᠤᠨ᠎ᠠ ᠪᠠᠨ ᠳᠠᠬᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠡᠯ᠎ᠡ ᠵᠦᠶᠯ ᠤᠨ | ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠵᠢᠯ ᠴᠠᠭᠠᠨ ᠰᠠᠷ᠎ᠠ ᠶᠢᠨ ᠡᠬᠢ ᠪᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠯ᠎ᠡ ᠵᠦᠶᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠢ ᠦᠨᠡᠨ ᠰᠡᠳᠭᠢᠯ ᠠᠴᠠ ᠪᠠᠨ ᠬᠠᠶᠢᠷᠠᠯᠠᠨ ᠬᠠᠯᠠᠮᠵᠢᠯᠠᠬᠤ ᠬᠡᠷᠡᠭᠲᠡᠶ᠃ | ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠤᠯᠠᠨ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠡᠷᠡᠭᠯᠡᠭᠡᠨ ᠤ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ | ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠭᠦᠨᠵᠡᠭᠡᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ | ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠬᠤ᠂ ᠤᠯᠠᠨ ᠲᠦᠮᠡᠨ ᠤ ᠠᠮᠤᠷ ᠠᠮᠤᠭᠤᠯᠠᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ |