1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠡᡁᠧᠩ | ᠰᠢᠶᠤᠤ ᠹᠠᠨ ᠪᠦᠯᠬᠦᠮ ᠳᠠᠭᠠᠭᠤᠯᠤᠨ ᠬᠥᠬᠡᠬᠤᠲᠠ ᠶᠢᠨ ᠵᠤᠤ ᠤᠳᠠ ᠵᠠᠮ ᠤᠨ ᠬᠠᠤᠯᠢ ᠴᠠᠭᠠᠵᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ᠳᠤ ᠬᠦᠷᠴᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠵᠤᠤ ᠤᠳᠠ ᠵᠠᠮ ᠤᠨ ᠬᠠᠤᠯᠢ ᠴᠠᠭᠠᠵᠠ ᠶᠢᠨ ᠭᠠᠵᠠᠷ ᠲᠤ᠂ ᠾᠧᠩ ᠰᠢᠶᠤᠤ ᠹᠠᠨ ᠨᠠᠷ ᠠᠷᠠᠳ ᠤᠨ ᠡᠶᠡᠳᠡᠭᠦᠯᠭᠡ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ᠂ ᠨᠡᠶᠢᠭᠡᠮ ᠲᠣᠭᠤᠷᠢᠭ ᠠᠴᠠ ᠤᠷᠤᠯᠴᠠᠬᠰᠠᠨ ᠵᠠᠯᠠᠷᠠᠭᠤᠯᠭ᠎ᠠ᠂ ᠠᠯᠤᠰ ᠠᠴᠠ ᠡᠷᠬᠢᠨ ᠦᠵᠡᠵᠦ ᠰᠤᠷᠪᠤᠯᠵᠢᠯᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠨᠠᠷᠢᠯᠢᠬ ᠪᠠᠶᠢᠴᠠᠭᠠᠨ ᠰᠤᠳᠤᠯᠪᠠ᠃ ᠳᠠᠷᠠᠭ᠎ᠠ ᠳᠤᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠾᠧᠩ ᠰᠢᠶᠤᠤ ᠹᠠᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ | ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠨᠢᠭᠡ ᠲᠥᠯᠥᠪᠵᠢᠭᠦᠯᠭᠡ ᠨᠢᠭᠡ ᠠᠷᠭ᠎ᠠ ᠬᠡᠮᠵᠢᠶ᠎ᠡ ᠨᠢᠭᠡ ᠲᠥᠰᠦᠯ︾᠂ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠠᠨ ᠬᠡᠷ ᠤᠨ | ᠪᠣᠳᠠᠲᠠᠶ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠪᠣᠶ ᠪᠣᠯᠭᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠰᠠᠶᠢᠳᠤᠷ ᠨᠠᠶᠢᠳᠠᠪᠦᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ︔ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠶᠴᠡᠳ ᠠᠰᠢᠭᠯᠠᠨ ᠲᠡᠰ ᠲᠠᠷᠠᠭᠠᠯᠠᠯ ᠢ ᠳᠠᠬᠢᠨ ᠪᠠᠶᠢᠭᠤᠯᠬᠤ ᠶᠢ ᠠᠬᠢᠭᠤᠯᠵᠤ᠂ ᠦᠶᠯᠡᠴᠢᠯᠡᠭᠡᠨ ᠤ ᠵᠠᠭᠪᠤᠷ ᠤᠨ | ᠰᠢᠨ᠎ᠡ ᠶᠢ ᠡᠬᠦᠳᠴᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠭᠡᠷᠡᠭᠳᠠᠢ᠃ ᠦᠨᠳᠦᠰᠦᠨ ᠱᠠᠲᠤᠨ ᠤ ᠰᠠᠭᠤᠷᠢ ᠶᠢ ᠤᠯᠠᠮ ᠴᠢᠨᠠᠭᠰᠢᠳᠠ | ᠪᠠᠬᠢᠵᠢᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ | ᠲᠠᠬᠢᠨ ᠵᠥᠪᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠬᠦᠯᠤᠨ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ᠂ ᠡᠶ᠎ᠡ | ᠵᠤᠬᠢᠴᠠᠩᠭᠤᠢ ᠪᠠᠶᠢᠳᠠᠯ ᠢ ᠠᠬᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ | ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠬᠤ ᠭᠡᠷᠡᠭᠳᠠᠢ ᠬᠡᠵᠤ ᠴᠢᠬᠤᠯᠠᠴᠢᠯᠠᠪᠠ᠃ |